︽ᠪᠣᠯᠪᠠᠰᠤᠷᠠᠭᠤᠯᠤᠯ ᠢ ᠴᠢᠩᠭᠠᠳᠬᠠᠵᠤ ᠡᠩᠨᠡᠭᠡ ᠶᠢ ᠬᠦᠴᠦᠷᠬᠡᠭᠵᠢᠭᠦᠯᠦᠨ ᠴᠢᠳᠠᠪᠤᠷᠢ ᠶᠢ ᠳᠡᠭᠡᠭᠰᠢᠯᠡᠭᠦᠯᠵᠦ ᠠᠷᠠᠳ ᠤᠨ ᠠᠮᠢᠳᠤᠷᠠᠯ ᠢ ᠲᠤᠰᠠᠯᠠᠬᠤ︾ - ᠾᠧ ᠳ᠋ᠦᠩ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/3/26
     ᠠᠵᠢᠯᠲᠠᠨ ᠤ ᠠᠵᠢᠯ ᠶᠠᠪᠤᠳᠠᠯ ᠭᠦᠢᠴᠡᠳᠭᠡᠬᠦ ᠴᠢᠳᠠᠪᠤᠷᠢ ᠵᠢᠴᠢ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠤ ᠠᠰᠢᠭ ᠬᠦᠷᠲᠡᠭᠡᠵᠦ ᠨᠠᠩ ᠣᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠾᠧ ᠳ᠋ᠦᠩ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠥᠢᠯᠡᠴᠢᠯᠡᠭᠡᠨ ᠤ ᠲᠥᠪ ᠡᠯ᠎ᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠨᠢ ᠭᠤᠤᠯᠳᠠᠭᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ᠂ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠬᠤ᠂ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾ ᠭᠤᠶᠤᠴᠢᠯᠠᠨ ᠠᠪᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ᠂ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠢ ᠭᠡᠷᠡᠴᠢᠯᠡᠬᠦ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠡᠶᠢᠭᠡᠮ ᠲᠣᠭᠤᠷᠢᠭ ᠤᠨ ᠠᠵᠢᠯᠲᠠᠨ ᠳᠤ ᠪᠥᠬᠦ ᠲᠠᠯ᠎ᠠ ᠶᠢᠨ ᠰᠢᠰᠲ᠋ᠧᠮ ᠲᠠᠢ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠤᠨ ᠠᠵᠢᠯᠲᠠᠳ ᠴᠥᠮ ᠲᠤᠬᠠᠶᠢᠯᠠᠭᠰᠠᠨ ᠠᠵᠢᠯ ᠤᠨ ᠠᠭᠤᠯᠭ᠎ᠠ ᠶᠢ ᠣᠨᠣᠪᠴᠢᠲᠠᠶ ᠣᠶᠢᠯᠠᠭᠠᠬᠤ ᠶᠢᠨ ᠬᠠᠮᠲᠤ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ ᠪᠠᠲᠤᠯᠠᠵᠤ᠂ ᠡᠭᠦᠨ ᠤ ᠤᠯᠠᠮ ᠠᠴᠠ ᠣᠯᠠᠨ ᠲᠦᠮᠡᠨ ᠳᠤ ᠵᠥᠪ ᠣᠨᠣᠪᠴᠢᠲᠠᠶ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠪᠣᠯᠤᠨ᠎ᠠ᠃ ᠠᠷᠠᠳ ᠲᠤ ᠲᠥᠬᠦᠮ ᠦᠵᠡᠭᠦᠯᠬᠦ ᠥᠢᠯᠡᠴᠢᠯᠡᠭᠡᠨ ᠤ ᠲᠥᠪ ᠤᠨ ᠠᠵᠢᠯᠲᠠᠳ ᠪᠠᠰᠠ ᠬᠤᠯᠪᠣᠭᠳᠠᠯ ᠪᠥᠬᠦᠶ ᠡᠳᠦᠷ ᠲᠤᠲᠤᠮ ᠤᠨ ᠠᠵᠢᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ ᠳᠠᠬᠢ ᠲᠦᠪᠡᠭᠲᠡᠶ ᠠᠰᠠᠭᠤᠳᠠᠯ ᠤᠨ ᠲᠤᠬᠠᠶ ᠡᠯ᠎ᠡ ᠨᠡᠶᠢᠭᠡᠮ ᠲᠣᠭᠤᠷᠢᠭ ᠤᠨ ᠠᠵᠢᠯᠲᠠᠳ ᠲᠠᠢ ᠭᠦᠨᠵᠡᠭᠡᠶ ᠰᠣᠯᠢᠯᠴᠠᠨ ᠶᠠᠷᠢᠯᠴᠠᠵᠤ᠂ ᠨᠢᠭᠡᠳ ᠨᠢᠭᠡ ᠪᠠᠷ ᠵᠢᠯᠣᠭᠤᠳᠤᠭᠰᠠᠨ ᠪᠥᠭᠡᠳ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠵᠥᠢᠯᠡᠰ ᠢ ᠭᠦᠢᠴᠡᠳᠭᠡᠬᠦ ᠶᠠᠪᠤᠴᠠ ᠳᠠᠬᠢ ᠨᠡᠪᠲᠡᠷᠡᠯᠴᠡᠬᠦ ᠤᠷ᠎ᠠ ᠮᠡᠷᠭᠡᠵᠢᠯ᠂ ᠠᠷᠭᠠᠴᠠᠬᠤ ᠠᠷᠭ᠎ᠠ ᠬᠡᠯᠪᠡᠷᠢ᠂ ᠵᠠᠩᠭᠢᠯᠠᠭ᠎ᠠ ᠶᠢᠨ ᠭᠤᠭᠴᠤᠭ᠎ᠠ ᠵᠡᠷᠭᠡ ᠠᠭᠤᠯᠭ᠎ᠠ ᠶᠢ ᠨᠠᠷᠢᠨ ᠲᠣᠳᠣᠷᠬᠠᠶᠢᠯᠠᠨ ᠥᠭᠦᠯᠡᠵᠦ᠂ ᠲᠤᠬᠠᠶᠢᠯᠠᠭᠰᠠᠨ ᠠᠵᠢᠯ ᠢ ᠭᠦᠢᠴᠡᠳᠭᠡᠬᠦ  ᠶᠠᠪᠤᠴᠠ ᠳᠤ ᠠᠩᠬᠠᠷᠬᠤ ᠴᠢᠬᠤᠯᠠᠲᠠᠶ ᠠᠰᠠᠭᠤᠳᠠᠯ ᠳᠤ ᠭᠤᠤᠯᠳᠠᠯᠭ᠎ᠠ ᠲᠠᠢ ᠰᠠᠨᠠᠭᠤᠯᠤᠮᠵᠢ ᠥᠭᠴᠦ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠠᠵᠢᠯᠲᠠᠳ ᠪᠠᠰᠠ ᠲᠤᠬᠠᠶᠢᠯᠠᠭᠰᠠᠨ ᠠᠵᠢᠯ ᠢ ᠲᠣᠭᠲᠠᠭᠰᠠᠨ ᠬᠤᠭᠤᠴᠠᠭᠠᠨ ᠳᠤ ᠭᠦᠢᠴᠡᠳᠬᠡᠬᠦ᠂ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠬᠦ᠂ ᠣᠯᠠᠨ ᠲᠦᠮᠡᠨ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠴᠢᠬᠤᠯᠠᠴᠢᠯᠠᠪᠠ᠃ ᠡᠭᠦᠨ ᠤ ᠬᠠᠮᠲᠤ᠂ ᠥᠢᠯᠡᠴᠢᠯᠡᠭᠡᠨ ᠤ ᠣᠪᠣᠷ ᠪᠠ ᠨᠠᠷᠢᠨ ᠵᠥᠢᠯᠡᠰ ᠤᠨ ᠴᠢᠬᠤᠯᠠ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠠᠨᠠᠭᠠᠴᠢᠯᠠᠭ᠎ᠠ ᠠᠴᠠ ᠪᠠᠨ ᠰᠣᠨᠣᠰᠬᠤ᠂ ᠨᠠᠷᠢᠨ ᠬᠢᠨᠠᠮᠠᠭᠠᠶ ᠰᠣᠨᠣᠰᠬᠤ᠂ ᠣᠯᠠᠨ ᠲᠦᠮᠡᠨ ᠳᠤ ᠰᠡᠳᠬᠢᠯ ᠵᠢᠷᠦᠬᠡ ᠪᠠᠨ ᠬᠤᠯᠪᠣᠵᠤ ᠥᠢᠯᠡᠴᠢᠯᠡᠵᠦ᠂ ᠰᠠᠭᠤᠭᠠᠯᠢ ᠠᠷᠠᠳ ᠤᠨ ᠬᠠᠯᠠᠭᠤᠨ ᠳᠣᠲᠣᠨᠣ ᠬᠦᠮᠦᠰ ᠪᠣᠯᠬᠤ ᠶᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
     ᠳᠠᠷᠠᠭᠠᠴᠢ ᠶᠢᠨ ᠠᠯᠬᠤᠮ ᠳᠤ᠂ ᠾᠧ ᠳ᠋ᠦᠩ ᠵᠡᠭᠡᠯᠢ ᠭᠤᠳᠤᠮᠵᠢ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠬᠢᠨ ᠪᠣᠯᠪᠠᠰᠤᠷᠠᠯ ᠤᠨ ᠦᠷ᠎ᠡ ᠪᠦᠲᠦᠭᠡᠯ ᠢ ᠭᠦᠨᠵᠡᠭᠡᠢ ᠦᠢᠯᠡᠳᠦᠯᠭᠡᠵᠢᠭᠦᠯᠵᠦ᠂ ᠤᠨᠤᠯ ᠤᠨ ᠮᠡᠳᠡᠯᠭᠡ ᠶᠢ ᠪᠣᠳᠠᠲᠠᠢ ᠠᠵᠢᠯ ᠤᠨ ᠳᠤᠮᠳᠠ ᠪᠠᠨ ᠦᠢᠯᠡᠳᠦᠯᠭᠡᠵᠢᠭᠦᠯᠵᠦ᠂ ᠠᠵᠢᠯ ᠤᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢᠨ ᠬᠤᠪᠢᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠵᠦ᠂ ᠠᠵᠢᠯᠳᠠᠨ ᠤ ᠦᠢᠯᠡᠴᠢᠯᠡᠭᠡᠨ ᠤ ᠤᠬᠠᠮᠰᠠᠷ ᠪᠣᠯᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ ᠂ ᠰᠤᠷᠤᠯᠴᠠᠬᠤ ᠪᠠᠷ ᠬᠡᠷᠡᠭᠯᠡᠯᠲᠡ ᠶᠢ ᠠᠬᠢᠭᠤᠯᠬᠤ ᠶᠢ ᠦᠨᠡᠨᠬᠦ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠢ ᠵᠢᠯᠣᠭᠤᠳᠤᠨ ᠲᠤᠬᠠᠶᠢᠯᠠᠭᠰᠠᠨ ᠠᠵᠢᠯ ᠢ ᠪᠣᠳᠠᠲᠠᠢ ᠪᠥᠭᠡᠳ ᠨᠠᠷᠢᠯᠢᠭ ᠬᠢᠯᠭᠡᠵᠦ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1