2025 ᠣᠨ ᠳᠤ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠲᠠᠷᠢᠶᠠᠯᠠᠩ ᠢ ᠲᠡᠳᠬᠦᠵᠦ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/26
     3 ᠰᠠᠷ᠎ᠠ ᠶᠢᠨ 25 ᠤ ᠡᠳᠦᠷ᠂ 2025 ᠣᠨ ᠤ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠲᠠᠷᠢᠶᠠᠯᠠᠩ ᠢ ᠳᠡᠮᠵᠢᠵᠦ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠵᠦ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠰᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠬᠥᠭᠵᠢᠯ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠡᠭᠡᠷ᠎ᠡ ᠭᠤᠷᠪᠠᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠪᠥᠬᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ 2025 ᠣᠨ ᠤ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠠ᠃ ᠾᠧ ᠳ᠋ᠦᠩ ᠪᠠᠯᠭᠠᠰᠤ᠂ ᠰᠠᠷᠠᠴᠢᠨ ᠪᠠᠯᠭᠠᠰᠤ ᠵᠢᠴᠢ ᠬᠠᠮᠢᠶ᠎ᠠ ᠪᠥᠬᠦᠶ ᠲᠠᠷᠢᠶᠠᠯᠠᠩ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠠᠰ ᠳᠠᠷᠠᠭᠠᠯᠠᠨ ᠶᠠᠷᠢᠶ᠎ᠠ ᠲᠠᠯᠪᠢᠪᠠ᠃      ᠬᠤᠷᠠᠯ ᠠᠴᠠ᠂ ᠪᠥᠬᠦ ᠲᠣᠭᠤᠷᠢᠭ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠨᠡ ᠬᠦ ᠭᠤᠤᠯ ᠱᠤᠭᠤᠮ ᠤᠨ ᠲᠣᠭᠤᠷᠢᠨ ᠳᠤ᠂ ︽ ᠰᠢᠢᠳᠪᠦᠷᠢᠯᠡᠭᠳᠡᠭᠦᠢ ᠰᠡᠳᠬᠢᠬᠦᠶ︾ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠩ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ ᠡᠷᠬᠢᠮᠯᠡᠬᠦ ᠠᠵᠢᠯᠯᠠᠭ᠎ᠠ ᠪᠠᠷ ᠠᠵᠢᠯ ᠢᠶᠠᠨ ᠤᠷᠤᠭᠰᠢ ᠠᠬᠢᠭᠤᠯᠵᠤ᠂ ᠪᠣᠳᠠᠲᠠᠶ ᠬᠢᠵᠦ᠂ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠲᠣᠭᠤᠷᠢᠭ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠦᠪᠰᠢᠨ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ᠂ ᠮᠠᠨ ᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠠᠷᠠᠯᠲᠠ ᠶᠢ ᠪᠠᠶᠢᠭᠤᠯᠬᠤ ᠪᠠᠷ ᠭᠤᠣᠯᠳᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠬᠦᠴᠦᠯᠡᠨ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤᠮᠳᠠ ᠳ᠋ᠦᠩ ᠾᠧ ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠨ ᠬᠥᠳᠡᠭᠡ ᠲᠣᠰᠬᠤᠨ ᠤ ᠵᠠᠰᠠᠯᠲᠠ ᠶᠢ ᠬᠦᠳᠦᠯᠦᠨ ᠳᠠᠭᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠬᠢᠵᠢᠭᠦᠯᠵᠦ᠂ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠦᠨ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠭᠤᠤᠯ ᠴᠣᠭᠴᠠ ᠶᠢ ᠳᠠᠶᠢᠴᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ᠂ ᠰᠢᠵᠢᠷ ᠠᠯᠳᠠᠨ ᠬᠤᠭᠤᠴᠠᠭᠠᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠤᠢ ᠰᠢᠭᠤᠢ ᠶᠢᠨ ᠭᠠᠯ ᠰᠡᠷᠭᠡᠶᠢᠯᠡᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠯᠢ ᠶᠦᠩ᠂ ᠯᠢ ᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠤᠶᠠᠷ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠲᠣᠰᠬᠤᠨ ᠤ ᠱᠦᠵᠢ᠂ ᠬᠡᠰᠡᠭ ᠲᠠᠷᠢᠮᠠᠯ ᠤᠨ ᠲᠣᠮᠣ ᠡᠷᠦᠬᠡ᠂ ᠲᠠᠷᠢᠶᠠᠯᠠᠩ ᠤᠨ ᠠᠵᠤ ᠠᠬᠤᠶᠢᠯᠠᠯ᠂ ᠬᠤᠷᠰᠢᠶ᠎ᠠ ᠶᠢᠨ ᠲᠥᠯᠥᠭᠡᠯᠡᠭᠴᠢ ᠵᠢᠴᠢ ᠲᠣᠭᠤᠷᠢᠭ ᠲᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1