ᠨᠢᠭᠡ᠂ ᠲᠠᠷᠢᠶᠠᠨ ᠡᠮ ᠡᠵᠡᠩᠨᠡᠭᠴᠢ ᠪᠣᠯᠣᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ | ᠪᠣᠳᠠᠰ ᠢ ᠬᠤᠷᠢᠶᠠᠨ ᠠᠪᠬᠤ ᠦᠷᠲᠡᠭᠡ ︵ᠴᠡᠭ︶ ᠨᠢ ᠬᠤᠯᠪᠣᠭᠳᠠᠯ ᠪᠦᠬᠦᠢ ᠲᠥᠬᠦᠭᠡᠷᠦᠮᠵᠢ᠂ ᠲᠠᠯᠠᠪᠤᠷ ᠭᠠᠵᠠᠷ ᠤᠨ | ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠴᠤᠭᠯᠠᠭᠤᠯᠤᠭᠰᠠᠨ ᠲᠠᠷᠢᠶᠠᠨ ᠡᠮ ᠤᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠣᠬᠢᠲᠠᠢ ᠬᠠᠳᠠᠭᠠᠯᠠᠬᠤ ᠬᠡᠷᠡᠭᠳᠡᠢ᠂ ᠲᠠᠷᠢᠶᠠᠨ ᠡᠮ ᠤᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠬᠠᠶᠠᠵᠤ᠂ ᠣᠪᠣᠭᠠᠯᠠᠵᠤ᠂ ᠠᠰᠬᠠᠨ ᠬᠠᠶᠠᠵᠤ ᠪᠣᠯᠬᠤ | ᠦᠭᠡᠢ᠃ | ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠡᠭᠡᠭᠡᠪᠦᠷᠢᠯᠡᠬᠦ ᠳᠡᠭᠡᠨ ᠣᠷᠴᠢᠨ | ᠠᠬᠤᠢ ᠶᠢ ᠪᠣᠬᠢᠷᠲᠤᠭᠤᠯᠬᠤ ᠦᠭᠡᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠲᠠᠷᠢᠶᠠᠨ ᠡᠮ ᠤᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠠᠶᠠᠵᠤ ᠠᠰᠬᠠᠵᠤ ᠪᠣᠯᠬᠤ ᠦᠭᠡᠢ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠨᠢ | ᠪᠣᠷᠣᠭᠠᠨ ᠠᠴᠠ ᠰᠡᠷᠭᠡᠶᠢᠯᠡᠬᠦ᠂ ᠨᠡᠪᠴᠢᠵᠦ ᠭᠤᠭᠤᠵᠢᠬᠤ ᠠᠴᠠ ᠰᠡᠷᠭᠡᠶᠢᠯᠡᠬᠦ᠂ ᠠᠰᠬᠠᠬᠤ ᠠᠴᠠ ᠰᠡᠷᠭᠡᠶᠢᠯᠡᠬᠦ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠬᠤᠶᠠᠷ᠂ ᠤᠯᠤᠰ ᠠᠴᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ ᠳᠡᠮᠵᠢᠨ᠎ᠡ︔ ᠡᠬᠢ ᠪᠠᠶᠠᠯᠢᠭᠵᠢᠭᠤᠯᠤᠨ ᠠᠰᠢᠭᠯᠠᠬᠤ ᠠᠴᠠ | ᠭᠠᠳᠠᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠪᠤᠯᠠᠬᠤ᠂ ᠰᠢᠲᠠᠭᠠᠬᠤ ᠵᠡᠷᠭᠡ ᠬᠤᠣᠷ ᠦᠭᠡᠢ ᠪᠣᠯᠭᠠᠨ | ᠰᠢᠢᠳᠪᠦᠷᠢᠯᠡᠬᠦ ᠬᠡᠷᠡᠭᠲᠡᠢ᠃ | ᠡᠬᠢ ᠪᠠᠶᠠᠯᠢᠭᠵᠢᠭᠤᠯᠤᠨ ᠠᠰᠢᠭᠯᠠᠬᠤ ᠳᠤ ︽ᠠᠶᠤᠯ ᠲᠦᠭᠰᠢᠭᠦᠷᠢ ᠶᠢ ᠡᠵᠡᠮᠳᠡᠵᠦ ᠪᠣᠯᠬᠤ᠂ ᠴᠡᠭ | ᠲᠣᠭᠲᠠᠭᠠᠨ ᠴᠢᠭᠯᠡᠯ ᠲᠣᠭᠲᠠᠭᠠᠬᠤ᠂ ᠪᠥᠬᠦ ᠶᠠᠪᠤᠴᠠ ᠳᠤ ᠨᠡᠬᠡᠮᠵᠢᠯᠡᠬᠦ︾ ᠵᠠᠷᠴᠢᠮ ᠶᠣᠰᠣᠭᠠᠷ᠂ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠲᠣᠰ ᠭᠠᠵᠠᠷ ᠤᠨ ᠪᠣᠳᠠᠲᠤ ᠬᠡᠷᠡᠭᠴᠡᠭᠡ ᠲᠠᠢ ᠪᠠᠨ ᠤᠶᠠᠯᠳᠤᠭᠤᠯᠤᠨ ᠡᠬᠢ ᠪᠠᠶᠠᠯᠢᠭᠵᠢᠭᠤᠯᠤᠨ ᠠᠰᠢᠭᠯᠠᠬᠤ | ᠨᠢᠭᠡᠴᠡ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠡᠬᠢ ᠪᠠᠶᠠᠯᠢᠭᠵᠢᠭᠤᠯᠤᠨ | ᠠᠰᠢᠭᠯᠠᠬᠤ ᠳᠠᠭᠠᠨ ᠢᠳᠡᠭᠡᠨ ᠤᠮᠳᠠᠭᠠᠨ ᠤ ᠬᠡᠷᠡᠭᠰᠡᠯ᠂ ᠬᠡᠦᠬᠡᠳ ᠤᠨ ᠲᠣᠭᠯᠠᠭᠠᠮ ᠵᠡᠷᠭᠡ ᠦᠢᠯᠡᠳᠬᠦᠨ ᠢ | ᠦᠢᠯᠡᠳᠬᠦ ᠳᠤ ᠬᠡᠷᠡᠭᠯᠡᠵᠦ ᠪᠣᠯᠬᠤ ᠦᠭᠡᠢ᠂ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ | ᠤᠴᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠴᠡ ᠲᠠᠷᠢᠶᠠᠨ ᠡᠮ ᠤᠨ | ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠠᠷᠢᠭᠠᠯᠠᠵᠤ ᠪᠣᠯᠬᠤ ᠦᠭᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ | ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠮᠢ ᠠᠬᠤᠢ ᠶᠢᠨ ᠣᠷᠴᠢᠨ ᠨᠥᠬᠦᠴᠡᠯ ᠤᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠴᠡ ᠶᠢᠨ ᠬᠤᠷᠢᠶᠠᠨ | ᠠᠪᠤᠭᠰᠠᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ ᠬᠡᠷᠡᠭᠲᠡᠢ | ᠃ | ᠭᠤᠷᠪᠠ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠠᠷᠤᠳᠠᠯ ᠢ | ᠵᠣᠬᠢᠴᠠᠩᠭᠤᠢ ᠲᠠᠷᠢᠶᠠᠨ ᠡᠮ ᠦᠢᠯᠡᠳᠪᠦᠷᠢᠯᠡᠭᠴᠢ ᠪᠠ ᠡᠵᠡᠩᠨᠡᠭᠴᠢ ᠡᠭᠦᠷᠭᠡᠯᠡᠨ᠎ᠡ︔ ᠲᠠᠷᠢᠶᠠᠨ ᠡᠮ | ᠦᠢᠯᠡᠳᠪᠦᠷᠢᠯᠡᠭᠴᠢ᠂ ᠡᠵᠡᠩᠨᠡᠭᠴᠢ ᠨᠢ ᠲᠣᠳᠣᠷᠬᠠᠢ ᠦᠭᠡᠢ ᠪᠠᠶᠢᠪᠠᠯ᠂ ᠰᠢᠢᠳᠪᠦᠷᠢᠯᠡᠬᠦ ᠵᠠᠷᠤᠳᠠᠯ ᠢ ᠪᠠᠶᠢᠭ᠎ᠠ | ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠭᠠᠷᠭᠠᠨ᠎ᠠ᠃ | ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠡᠯᠡ ᠮᠥᠩᠭᠦ ᠶᠢᠨ ᠣᠷᠣᠭᠤᠯᠤᠯᠲᠠ ᠪᠠᠨ | ᠨᠡᠮᠡᠭᠳᠡᠭᠦᠯᠬᠦ ᠶᠢ ᠵᠣᠷᠢᠭᠵᠢᠭᠤᠯᠵᠤ᠂ ᠨᠥᠬᠦᠪᠦᠷᠢ ᠮᠦᠩᠭᠦ ᠥᠭᠬᠦ᠂ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ | ᠵᠡᠷᠭᠡ ᠶᠢ ᠣᠯᠭᠤᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ᠂ | ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯᠯᠠᠭ᠎ᠠ ᠶᠢ ᠳᠡᠮᠵᠢᠬᠦ | ᠬᠡᠷᠡᠭᠲᠡᠢ᠃ |