ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ | ︽ᠠᠰᠠᠷᠠᠨ ᠬᠥᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ︾ ᠲᠤᠰᠠᠯᠠᠮᠵᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠲᠤᠬᠠᠶᠢᠯᠠᠪᠠᠯ ᠠᠯᠪᠠᠨ ᠠᠴᠠ ᠡᠷᠬᠢᠯᠡᠭᠰᠡᠨ ︵ᠠᠵᠤ ᠠᠬᠤᠶᠢᠯᠠᠯ ᠡᠷᠬᠢᠯᠡᠭᠰᠡᠨ︶ | ᠵᠢᠴᠢ ᠠᠷᠠᠳ ᠠᠴᠠ ᠡᠷᠭᠢᠯᠡᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠠᠴᠠ ᠬᠢᠨᠠᠨ | ᠬᠠᠷᠭᠤᠭᠤᠯᠤᠭᠠᠳ A ᠲᠥᠷᠥᠯ ︵ᠶᠠᠳᠠᠭᠤ ᠠᠴᠠ ᠠᠩᠭᠢᠵᠢᠷᠠᠬᠤ ᠲᠣᠭᠲᠠᠭᠤᠨ ᠪᠤᠰᠤ ᠬᠡᠷ ᠪᠦᠯᠢ᠂ ᠬᠤᠶᠠᠷ ᠤᠨ | ᠬᠤᠭᠤᠷᠣᠨᠳᠣ ᠠᠮᠠᠷᠬᠠᠨ ᠶᠠᠳᠠᠭᠤᠷᠠᠬᠤ ᠬᠡᠷ ᠪᠦᠯᠢ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯᠲᠡᠶ ᠬᠡᠷ ᠪᠦᠯᠢ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ᠂ | ᠥᠨᠥᠴᠢᠨ ᠬᠡᠤᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ᠂ ᠦᠷᠡᠭᠳᠡᠭᠰᠡᠨ ᠪᠠᠭᠠᠲᠤᠷᠴᠤᠳ ᠤᠨ | ᠦᠷ᠎ᠡ ᠬᠡᠤᠬᠡᠳ᠂ ᠵᠡᠮᠳᠡᠭ᠂ ᠵᠡᠮᠳᠡᠭᠴᠦᠳ ᠤᠨ ᠦᠷ᠎ᠡ ᠬᠡᠤᠬᠡᠳ᠂ ᠬᠦᠨᠳᠦ ᠬᠠᠷᠢᠴᠠᠩᠭᠤᠶ ᠬᠦᠴᠢᠷᠳᠡᠯ ᠲᠠᠢ | ᠠᠵᠢᠯᠲᠠᠨ ᠤ ᠬᠡᠷ ᠪᠦᠯᠢ ᠶᠢᠨ ᠦᠷ᠎ᠡ ᠬᠡᠤᠬᠡᠳ︶ ᠢᠶᠠᠷ ᠮᠠᠭᠠᠳᠯᠠᠨ ᠲᠣᠭᠲᠠᠭᠠᠭᠰᠠᠨ ᠬᠡᠦᠬᠡᠳ ᠲᠤ᠂ ᠵᠢᠯ ᠳᠤ | 2000 ᠲᠥᠭᠦᠷᠢᠭ ᠤᠨ ᠠᠰᠠᠷᠠᠨ ᠬᠥᠮᠦᠵᠢᠭᠦᠯᠬᠦ ᠰᠦᠢᠳᠬᠡᠯ ᠨᠦᠬᠦᠪᠦᠷᠢᠯᠡᠨ᠎ᠡ᠂ B ᠲᠥᠷᠥᠯ ︵ᠰᠣᠷᠣᠭᠴᠢ ᠵᠢᠴᠢ | ᠬᠡᠷ ᠪᠦᠯᠢ ᠵᠥᠪᠬᠡᠨ ᠪᠠᠭ᠎ᠠ ᠬᠡᠮᠵᠢᠶᠡᠨ ᠤ ᠦᠨᠳᠦᠰᠦᠨ ᠰᠤᠷᠭᠠᠭᠤᠯᠢ ᠳᠤ ᠰᠠᠭᠤᠬᠤ ᠵᠠᠷᠤᠳᠠᠯ ᠬᠠᠩᠭᠠᠵᠤ ᠳᠡᠶᠢᠯᠬᠦ | ᠵᠡᠷᠭᠡ ᠪᠠᠶᠢᠳᠠᠯ︶ ᠪᠠ C ᠲᠦᠷᠦᠯ ︵ᠰᠣᠷᠣᠭᠴᠢ ᠵᠢᠴᠢ ᠬᠡᠷ ᠪᠦᠯᠢ ᠵᠥᠪᠬᠡᠨ ᠶᠡᠬᠡᠩᠬᠢ ᠬᠡᠰᠡᠭ ᠵᠠᠷᠤᠳᠠᠯ ᠢ | ᠬᠠᠩᠭᠠᠵᠤ ᠳᠡᠶᠢᠯᠦᠨ᠎ᠡ ᠭᠡᠪᠡᠴᠦ ᠦᠨᠳᠦᠰᠦᠨ ᠰᠤᠷᠭᠠᠭᠤᠯᠢ ᠳᠤ ᠰᠠᠭᠤᠬᠤ ᠵᠠᠷᠤᠳᠠᠯ ᠢ ᠪᠦᠷᠢᠮᠦᠰᠦᠨ ᠬᠠᠩᠭᠠᠵᠤ | ᠳᠡᠶᠢᠯᠬᠦ ᠦᠭᠡᠢ ᠵᠡᠷᠭᠡ ᠪᠠᠶᠢᠳᠠᠯ︶ ᠢᠶᠠᠷ ᠮᠠᠭᠠᠳᠯᠠᠨ ᠲᠣᠭᠲᠠᠭᠠᠭᠰᠠᠨ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠴᠡᠴᠡᠷᠯᠢᠭ ᠲᠤ ᠪᠠᠶᠢᠭ᠎ᠠ ᠬᠡᠤᠬᠡᠳ ᠲᠤ ᠵᠢᠯ ᠳᠤ 1000 ᠲᠥᠭᠦᠷᠢᠭ ᠤᠨ ᠠᠰᠠᠷᠠᠨ ᠬᠥᠮᠦᠵᠢᠭᠦᠯᠬᠦ | ᠰᠦᠢᠳᠬᠡᠯ ᠨᠥᠬᠦᠪᠥᠷᠢᠯᠡᠨ᠎ᠡ᠃ | ᠠᠯᠪᠠᠨ ᠵᠢᠷᠤᠮ ᠤᠨ ᠰᠤᠷᠭᠠᠨ ᠬᠦᠮᠦᠵᠢᠯ | ︽ᠳᠥᠷᠪᠡ ᠶᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ︽ᠳᠥᠷᠪᠡ ᠶᠢ ᠬᠡᠯᠲᠦᠷᠢᠭᠦᠯᠬᠦ︾ ᠪᠣᠯ ᠬᠠᠷᠢᠶ᠎ᠠ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠥᠬᠡᠶ ᠪᠠᠷ | ᠬᠠᠩᠭᠠᠨ᠎ᠠ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠶᠢᠷᠢ ᠳᠤ ᠰᠠᠭᠤᠭ᠎ᠠ | ᠰᠤᠷᠤᠭᠴᠢᠳ ᠠᠴᠠ ᠪᠠᠶᠢᠷᠢ ᠳᠤ ᠰᠠᠭᠤᠬᠤ ᠰᠦᠢᠳᠬᠡᠯ ᠬᠤᠷᠢᠶᠠᠬᠤ ᠥᠬᠡᠶ᠂ ᠪᠦᠬᠦ ᠬᠤᠲᠠ ᠶᠢᠨ ᠰᠢᠶᠠᠨ ᠪᠠᠯᠭᠠᠰᠤ᠂ | ᠬᠥᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢᠳ ᠲᠤ ᠦᠨ᠎ᠡ ᠲᠦᠯᠦᠪᠦᠷᠢ ᠦᠭᠡᠢ ᠦᠳᠡ ᠶᠢᠨ ᠬᠤᠭᠤᠯᠠ | ᠬᠠᠩᠭᠠᠵᠤ ᠥᠭᠭᠦᠨ᠎ᠡ᠃ ︽ᠨᠢᠭᠡ ᠶᠢ ᠨᠥᠬᠦᠪᠥᠷᠢᠯᠡᠬᠦ︾ ᠪᠣᠯ ᠬᠠᠷᠢᠶ᠎ᠠ ᠰᠤᠷᠭᠠᠭᠤᠯᠢ ᠳᠤ ᠪᠠᠶᠢᠭ᠎ᠠ ᠬᠡᠷ ᠪᠦᠯᠢ ᠶᠢᠨ | ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠠᠮᠢᠳᠤᠷᠠᠯ ᠤᠨ ᠨᠥᠬᠦᠪᠦᠷᠢ ᠣᠯᠭᠤᠨ᠎ᠠ᠂ ᠳᠠᠷᠤᠢ᠄ ᠪᠠᠶᠢᠷᠢ ᠳᠤ | ᠰᠠᠭᠤᠭ᠎ᠠ ᠪᠣᠰᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠢᠯ ᠳᠤ 625 ᠲᠥᠭᠦᠷᠢᠭ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠰᠤᠷᠤᠭᠴᠢᠳ ᠲᠤ ᠵᠢᠯ ᠳᠤ 750 ᠲᠥᠭᠦᠷᠢᠭ ᠨᠥᠬᠦᠪᠥᠷᠢᠯᠡᠨ᠎ᠡ︔ ᠪᠠᠶᠢᠷᠢ ᠳᠤ ᠰᠠᠭᠤᠭ᠎ᠠ | ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠢᠯ ᠳᠤ 1250 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠰᠤᠷᠤᠭᠴᠢᠳ ᠲᠤ ᠵᠢᠯ ᠪᠦᠷᠢ 1500 ᠲᠦᠭᠦᠷᠢᠭ ᠨᠥᠬᠦᠪᠥᠷᠢᠯᠡᠨ᠎ᠡ︔ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠵᠢᠯ ᠳᠤ 1350 ᠲᠥᠭᠦᠷᠢᠭ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ 1620 ᠲᠥᠭᠦᠷᠢᠭ ᠤᠨ ᠶᠣᠰᠤᠭᠠᠷ ᠨᠦᠬᠦᠪᠦᠷᠢᠯᠡᠨ᠎ᠡ᠃ | | ᠡᠩ ᠤᠨ ᠦᠨᠳᠥᠷ ᠵᠡᠷᠭᠡ ᠶᠢᠨ ᠳᠤᠮᠳᠠᠳᠦ ᠰᠤᠷᠭᠠᠭᠤᠯᠢ ᠶᠢᠨ ᠰᠤᠷᠭᠠᠨ ᠬᠦᠮᠦᠵᠢᠯ | ︽ᠬᠤᠶᠠᠷ ᠢ ᠬᠡᠯᠲᠦᠷᠢᠭᠦᠯᠵᠦ ᠨᠢᠭᠡ ᠶᠢ ᠲᠡᠳᠭᠦᠬᠦ︾ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ︽ᠬᠤᠶᠠᠷ ᠢ ᠬᠡᠯᠲᠦᠷᠢᠭᠦᠯᠬᠦ︾ ᠪᠣᠯ ᠬᠠᠷᠢᠶ᠎ᠠ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ | ᠬᠠᠩᠭᠠᠨ᠎ᠠ᠃ ︽ᠨᠢᠭᠡ ᠶᠢ ᠲᠡᠳᠬᠦᠬᠦ︾ ᠪᠣᠯ ᠬᠠᠷᠢᠶ᠎ᠠ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠᠷ | ᠭᠤᠶᠤᠴᠢᠯᠠᠨ᠎ᠠ᠂ ᠮᠠᠭᠠᠳᠯᠠᠨ ᠲᠣᠭᠲᠠᠭᠠᠬᠤ᠂ ᠬᠢᠨᠠᠨ ᠬᠠᠷᠭᠤᠭᠤᠯᠬᠤ ᠶᠢ ᠦᠨᠳᠦᠰᠦᠯᠡᠨ ᠠᠳᠠᠯᠢ ᠪᠤᠰᠤ ᠭᠡᠷ | ᠪᠦᠯᠢ ᠶᠢᠨ ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠳᠤ ᠭᠤᠷᠪᠠᠨ ᠳᠡᠰ ᠬᠤᠪᠢᠶᠠᠨ᠎ᠠ᠄ ᠬᠢᠨᠠᠨ ᠬᠠᠷᠭᠤᠭᠤᠯᠵᠤ᠂ | A ᠲᠥᠷᠥᠯ ︵ᠶᠠᠳᠠᠭᠤ ᠠᠴᠠ ᠠᠩᠭᠢᠵᠢᠷᠠᠬᠤ ᠲᠣᠭᠲᠠᠭᠤᠨ ᠪᠤᠰᠤ ᠬᠡᠷ ᠪᠦᠯᠢ᠂ ᠬᠤᠶᠠᠷ ᠤᠨ ᠬᠤᠭᠤᠷᠣᠨᠳᠣ ᠠᠮᠠᠷᠬᠠᠨ | ᠶᠠᠳᠠᠭᠤᠷᠠᠬᠤ ᠬᠡᠷ ᠪᠦᠯᠢ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯᠲᠡᠶ ᠬᠡᠷ ᠪᠦᠯᠢ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ᠂ ᠥᠨᠥᠴᠢᠨ ᠬᠡᠤᠬᠡᠳ ᠵᠢᠴᠢ | ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂ ᠵᠡᠮᠳᠡᠭ᠂ | ᠵᠡᠮᠳᠡᠭᠴᠦᠳ ᠤᠨ ᠦᠷ᠎ᠡ ᠬᠡᠤᠬᠡᠳ᠂ ᠬᠦᠨᠳᠦ ᠬᠠᠷᠢᠴᠠᠩᠭᠤᠶ ᠬᠦᠴᠢᠷᠳᠡᠯ ᠲᠠᠢ ᠠᠵᠢᠯᠲᠠᠨ ᠤ ᠬᠡᠷ ᠪᠦᠯᠢ ᠶᠢᠨ ᠦᠷ᠎ᠡ | ᠬᠡᠤᠬᠡᠳ︶ ᠢᠶᠠᠷ ᠮᠠᠭᠠᠳᠯᠠᠨ ᠲᠣᠭᠲᠠᠭᠠᠭᠰᠠᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ | ᠨᠢᠭᠡᠳᠦᠭᠡᠷ ᠲᠠᠰ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠰᠣᠷᠣᠭᠴᠢ ᠨᠢᠭᠡᠪᠦᠷᠢ ᠳᠤ ᠵᠢᠯ ᠳᠤ | 3300 ᠲᠥᠭᠦᠷᠢᠭ ᠣᠯᠭᠤᠨ᠎ᠠ᠃ B ᠲᠥᠷᠥᠯ ︵ᠰᠣᠷᠣᠭᠴᠢ ᠵᠢᠴᠢ ᠬᠡᠷ ᠪᠦᠯᠢ ᠵᠥᠪᠬᠡᠨ ᠪᠠᠭ᠎ᠠ ᠬᠡᠮᠵᠢᠶᠡᠨ ᠤ | ᠦᠨᠳᠦᠰᠦᠨ ᠰᠤᠷᠭᠠᠭᠤᠯᠢ ᠳᠤ ᠰᠠᠭᠤᠬᠤ ᠵᠠᠷᠤᠳᠠᠯ ᠬᠠᠩᠭᠠᠵᠤ ᠳᠡᠶᠢᠯᠬᠦ ᠵᠡᠷᠭᠡ ᠪᠠᠶᠢᠳᠠᠯ︶ ᠢᠶᠠᠷ ᠮᠠᠭᠠᠳᠯᠠᠨ | ᠲᠣᠭᠲᠠᠭᠠᠭᠰᠠᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠬᠤᠶᠠᠳᠤᠭᠠᠷ ᠲᠠᠰ ᠤᠨ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠰᠣᠷᠣᠭᠴᠢ ᠨᠢᠭᠡᠪᠦᠷᠢ ᠳᠤ ᠵᠢᠯ ᠳᠤ 2300 ᠲᠥᠭᠦᠷᠢᠭ | ᠣᠯᠭᠤᠨ᠎ᠠ᠃ C ᠲᠥᠷᠥᠯ ︵ᠰᠣᠷᠣᠭᠴᠢ ᠵᠢᠴᠢ ᠬᠡᠷ ᠪᠦᠯᠢ ᠵᠥᠪᠬᠡᠨ ᠶᠡᠬᠡᠩᠬᠢ ᠬᠡᠰᠡᠭ ᠵᠠᠷᠤᠳᠠᠯ ᠢ ᠬᠠᠩᠭᠠᠵᠤ | ᠳᠡᠶᠢᠯᠦᠨ᠎ᠡ ᠭᠡᠪᠡᠴᠦ ᠦᠨᠳᠦᠰᠦᠨ ᠰᠤᠷᠭᠠᠭᠤᠯᠢ ᠳᠤ ᠰᠠᠭᠤᠬᠤ ᠵᠠᠷᠤᠳᠠᠯ ᠢ ᠪᠦᠷᠢᠮᠦᠰᠦᠨ ᠬᠠᠩᠭᠠᠵᠤ ᠳᠡᠶᠢᠯᠬᠦ ᠦᠭᠡᠢ | ᠵᠡᠷᠭᠡ ᠪᠠᠶᠢᠳᠠᠯ︶ ᠢᠶᠠᠷ ᠮᠠᠭᠠᠳᠯᠠᠨ ᠲᠣᠭᠲᠠᠭᠠᠭᠰᠠᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠰᠤᠷᠤᠭᠴᠢᠳ ᠲᠤ ᠭᠤᠷᠪᠠᠳᠤᠭᠠᠷ ᠲᠠᠰ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠰᠣᠷᠣᠭᠴᠢ | ᠨᠢᠭᠡᠪᠦᠷᠢ ᠳᠤ ᠵᠢᠯ ᠳᠤ 1300 ᠲᠥᠭᠦᠷᠢᠭ ᠣᠯᠭᠤᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ | ᠪᠦᠬᠦᠯᠢ ᠡᠳᠦᠷ ᠤᠨ ᠳᠦᠷᠢᠮᠲᠦ ᠳᠤᠮᠳᠠ ᠵᠡᠷᠭᠡ ᠶᠢᠨ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶ ᠤᠨ | ᠰᠤᠷᠭᠠᠭᠤᠯᠢ ᠶᠢᠨ ᠬᠠᠷᠢᠶ᠎ᠠ ᠪᠠᠶᠢᠭ᠎ᠠ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ︽ᠬᠤᠶᠠᠷ ᠢ ᠬᠡᠯᠲᠦᠷᠢᠭᠦᠯᠵᠦ | ᠨᠢᠭᠡ ᠶᠢ ᠨᠦᠬᠦᠪᠦᠷᠢᠯᠡᠬᠦ ᠨᠢᠭᠡ ᠶᠢ ᠲᠡᠳᠭᠦᠬᠦ ᠨᠢᠭᠡ ᠶᠢ ᠱᠠᠩᠨᠠᠬᠤ︾ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ︽ᠬᠤᠶᠠᠷ ᠢ ᠬᠡᠯᠲᠦᠷᠢᠭᠦᠯᠬᠦ︾ ᠪᠣᠯ ᠬᠠᠷᠢᠶ᠎ᠠ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ | ᠰᠤᠷᠤᠯᠭ᠎ᠠ ᠶᠢᠨ ᠵᠠᠷᠤᠳᠠᠯ ᠢ ᠬᠡᠯᠲᠦᠷᠢᠭᠦᠯᠬᠦ ᠪᠠ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ | ᠬᠠᠩᠭᠠᠨ᠎ᠠ᠃ ︽ᠨᠢᠭᠡ ᠶᠢ ᠨᠥᠬᠦᠪᠥᠷᠢᠯᠡᠬᠦ︾ ᠪᠣᠯ ᠬᠠᠷᠢᠶ᠎ᠠ ᠰᠤᠷᠭᠠᠭᠤᠯᠢ ᠳᠤ ᠰᠠᠭᠤᠭ᠎ᠠ ᠪᠠᠶᠢᠷᠢ ᠳᠤ ᠰᠠᠭᠤᠭ᠎ᠠ | ᠰᠤᠷᠤᠭᠴᠢᠳ ᠲᠤ ᠪᠠᠶᠢᠷᠢ ᠳᠤ ᠰᠠᠭᠤᠬᠤ ᠨᠥᠬᠦᠪᠦᠷᠢ ᠶᠢ ᠣᠯᠭᠤᠨ᠎ᠠ᠃ ︽ᠨᠢᠭᠡ ᠶᠢ ᠲᠡᠳᠬᠦᠬᠦ︾ ᠪᠣᠯ ᠳᠤᠮᠳᠠᠳᠤ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠣᠨ ᠤ ᠰᠤᠷᠭᠠᠭᠤᠯᠢ ᠳᠤ ᠪᠠᠶᠢᠭ᠎ᠠ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠠ | ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠶ ᠮᠡᠷᠭᠡᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ | ᠰᠤᠷᠤᠭᠴᠢᠳ ᠲᠤ ᠬᠤᠶᠠᠳᠤᠭᠠᠷ ᠳᠡᠰ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠨ᠎ᠠ᠃ | ᠡᠭᠦᠨ ᠳᠤ᠄ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠶ ᠶᠢᠨ ᠠᠭᠤᠯᠠᠷᠬᠠᠭ ᠣᠷᠣᠨ᠂ ᠷᠠᠰᠢᠶᠠᠨ ᠬᠤᠲᠠ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ | ᠬᠤᠰᠢᠭᠤ᠂ ᠲᠦᠴᠢᠦᠸᠠᠨ ᠰᠢᠶᠠᠨ᠂ ᠶᠠᠨᠱᠠᠨ᠂ ᠲᠠᠶᠢᠬᠠᠩ ᠠᠭᠤᠯᠠᠷᠬᠠᠭ ᠣᠷᠣᠨ ᠤ ᠬᠤᠸᠠᠳᠧ ᠰᠢᠶᠠᠨ᠂ ᠱᠠᠩᠳᠤ | ᠰᠢᠶᠠᠨ᠂ ᠰᠢᠩ ᠾᠧ ᠰᠢᠶᠠᠨ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠬᠤ ᠦᠭᠡᠢ︶ ᠤ | ᠰᠤᠷᠤᠭᠴᠢᠳ ᠲᠤ ᠨᠢᠭᠡᠳᠦᠭᠡᠷ ᠤᠨ ᠳᠡᠰ ᠤᠨ ᠶᠣᠰᠤᠭᠠᠷ ᠰᠤᠷᠤᠭᠴᠢ ᠪᠦᠷᠢ ᠵᠢᠯ ᠳᠤ 2300 ᠲᠥᠭᠦᠷᠢᠭ ᠤᠨ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠤᠰᠤᠳ | ᠰᠢᠶᠠᠨ ᠪᠠᠯᠭᠠᠰᠤᠨ ᠤ ᠡᠷᠦᠬᠡ ᠠᠮᠠ ᠲᠠᠢ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠬᠤᠶᠠᠳᠤᠭᠠᠷ ᠳᠡᠰ ᠤᠨ | ᠶᠣᠰᠤᠭᠠᠷ ᠰᠤᠷᠤᠭᠴᠢ ᠪᠦᠷᠢ ᠵᠢᠯ ᠳᠤ 1500 ᠲᠥᠭᠦᠷᠢᠭ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠮᠥᠩᠭᠦ ᠣᠯᠭᠤᠨ᠎ᠠ᠃ ︽ᠨᠢᠭᠡ ᠱᠠᠩᠨᠠᠯ︾ ᠪᠣᠯ ᠰᠤᠷᠭᠠᠭᠤᠯᠢ ᠳᠤ ᠪᠠᠶᠢᠭ᠎ᠠ ᠬᠤᠶᠠᠳᠤᠭᠠᠷ᠂ ᠭᠤᠷᠪᠠᠳᠤᠭᠠᠷ ᠣᠨ ᠤ | ᠮᠣᠷᠠᠯ ᠰᠤᠷᠤᠯᠭ᠎ᠠ ᠬᠤᠣᠰᠯᠠᠭᠰᠠᠨ ᠰᠢᠯᠢᠳᠡᠭ ᠰᠤᠷᠤᠭᠴᠢ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠪᠠᠷ ᠭᠤᠶᠤᠴᠢᠯᠠᠵᠤ᠂ ᠰᠣᠷᠣᠭᠴᠢ | ᠪᠦᠷᠢ ᠵᠢᠯ ᠳᠤ 6000 ᠲᠥᠭᠦᠷᠢᠭ ᠣᠯᠭᠤᠨ᠎ᠠ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ | ︽ᠨᠢᠭᠡ ᠵᠢᠭᠡᠯᠡᠯᠭᠡ ᠨᠢᠭᠡ ᠶᠢ ᠲᠡᠳᠭᠦᠬᠦ ᠨᠢᠭᠡ ᠶᠢ ᠨᠥᠬᠦᠪᠥᠷᠢᠯᠡᠬᠦ︾ ᠲᠤᠰᠠᠯᠠᠮᠵᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ︽ᠨᠢᠭᠡ ᠵᠢᠭᠡᠯᠡᠯᠭᠡ︾ ᠨᠢ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ | ᠬᠢᠭᠡᠳ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ | ᠬᠡᠷᠡᠭᠵᠢᠭᠦᠯᠦᠭᠰᠡᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠪᠣᠯᠤᠨ᠎ᠠ᠂ ᠪᠦᠬᠦᠯᠢ ᠡᠳᠦᠷ ᠤᠨ ᠳᠦᠷᠢᠮᠲᠦ ᠵᠢᠩᠬᠢᠨᠢ | ᠠᠩᠭᠢ᠂ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠨᠢᠭᠡᠪᠦᠷᠢ ᠵᠢᠯ ᠳᠤ ᠬᠠᠮᠤᠭ ᠤᠨ ᠥᠨᠳᠥᠷ ᠲᠡᠭᠡᠨ | 16000 ᠲᠥᠭᠦᠷᠢᠭ ᠵᠢᠭᠡᠯᠡᠵᠦ ᠪᠣᠯᠤᠨ᠎ᠠ᠂ ᠪᠦᠬᠦᠯᠢ ᠡᠳᠦᠷ ᠤᠨ ᠳᠦᠷᠢᠮᠲᠦ ᠰᠤᠳᠤᠯᠬᠤ ᠰᠤᠷᠤᠭᠴᠢ ᠨᠢᠭᠡᠪᠦᠷᠢ | ᠵᠢᠯ ᠳᠤ ᠬᠠᠮᠤᠭ ᠤᠨ ᠥᠨᠳᠥᠷ ᠲᠡᠭᠡᠨ 20000 ᠲᠥᠭᠦᠷᠢᠭ ᠵᠢᠭᠡᠯᠡᠵᠦ ᠪᠣᠯᠤᠨ᠎ᠠ᠃ ᠰᠤᠷᠤᠭᠴᠢᠳ ᠤᠨ | ᠰᠤᠷᠭᠠᠭᠤᠯᠢ ᠳᠤ ᠪᠠᠶᠢᠬᠤ ᠬᠤᠭᠤᠴᠠᠭᠠᠨ ᠤ ᠵᠢᠭᠡᠯᠡᠯᠭᠡ ᠶᠢᠨ ᠬᠦᠦ ᠮᠥᠩᠭᠦ ᠪᠦᠬᠦᠨ ᠢ ᠵᠠᠰᠠᠭ ᠤᠨ ᠣᠷᠳᠣᠨ | ᠡᠭᠦᠷᠭᠡᠯᠡᠵᠦ᠂ ᠬᠠᠮᠤᠭ ᠤᠷᠲᠤ ᠳᠤ ᠪᠠᠨ ᠵᠣᠭᠤᠰ ᠪᠤᠴᠠᠭᠠᠬᠤ ᠬᠤᠭᠤᠴᠠᠭ᠎ᠠ ᠨᠢ 22 ᠵᠢᠯ ᠪᠣᠯᠤᠨ᠎ᠠ᠃ ︽ᠨᠢᠭᠡ ᠶᠢ | ᠲᠡᠳᠬᠦᠬᠦ︾ ᠨᠢ ᠡᠩ ᠤᠨ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ | ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥ ᠶᠢᠨ ᠪᠣᠳᠣᠯᠭ᠎ᠠ᠂ ᠲᠤᠰᠠᠯᠠᠬᠤ ᠡᠲᠡᠭᠡᠳ ᠨᠢ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠦᠷ᠎ᠡ | ᠬᠡᠤᠬᠡᠳ ᠪᠠ ᠥᠨᠥᠴᠢᠨ ᠬᠡᠤᠬᠡᠳ ︵ᠪᠣᠳᠠᠲᠠᠶ ᠠᠰᠠᠷᠠᠨ ᠲᠡᠵᠢᠭᠡᠬᠦ ᠬᠦᠮᠦᠨ ᠥᠬᠡᠶ︶ ᠰᠣᠷᠣᠭᠴᠢ ᠪᠠᠶᠢᠵᠤ᠂ | ᠰᠣᠷᠣᠭᠴᠢ ᠨᠢᠭᠡᠪᠦᠷᠢ ᠶᠢ ᠵᠢᠯ ᠳᠤ 6000 ᠲᠥᠭᠦᠷᠢᠭ ᠢᠶᠠᠷ ᠲᠤᠰᠠᠯᠠᠨ᠎ᠠ᠂ ᠲᠤᠰᠬᠠᠶ ᠮᠡᠷᠭᠡᠵᠢᠯ ᠤᠨ ᠰᠣᠷᠣᠭᠴᠢ ᠶᠢᠨ | ᠨᠥᠬᠦᠪᠥᠷᠢ ︽ᠨᠡᠶᠢᠲᠡ 1.8 ᠲᠦᠮᠡᠨ ᠲᠥᠭᠦᠷᠢᠭ ᠠᠴᠠ ᠬᠡᠲᠦᠷᠡᠬᠦ ᠥᠬᠡᠶ︾ ᠪᠠᠶᠢᠵᠤ᠂ ᠵᠢᠩᠬᠢᠨᠢ ᠠᠩᠭᠢ ᠶᠢᠨ | ᠰᠣᠷᠣᠭᠴᠢ ᠶᠢᠨ ᠨᠥᠬᠦᠪᠥᠷᠢ ︽ᠨᠡᠶᠢᠲᠡ 2.4 ᠲᠦᠮᠡᠨ ᠲᠥᠭᠦᠷᠢᠭ ᠠᠴᠠ ᠬᠡᠲᠦᠷᠡᠬᠦ ᠥᠬᠡᠶ︾ ᠪᠠᠶᠢᠬᠤ ᠬᠡᠷᠡᠭᠲᠡᠢ᠃ | ︽ᠨᠢᠭᠡ ᠶᠢ ᠨᠥᠬᠦᠪᠥᠷᠢᠯᠡᠬᠦ︾ ᠪᠣᠯ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢᠨ ᠳᠡᠮᠵᠢᠯᠭᠡ ᠶᠢᠨ ᠲᠦᠯᠦᠪᠯᠡᠭᠡ ᠪᠠᠶᠢᠵᠤ᠂ ᠭᠡᠷ ᠪᠦᠯᠢ ᠶᠢᠨ ᠠᠵᠤ ᠠᠬᠤᠶ ᠨᠢ ᠣᠨᠴᠠ | ᠬᠦᠴᠢᠷᠳᠡᠯᠲᠡᠶ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠤᠷᠤᠭᠰᠠᠨ ᠰᠢᠨ᠎ᠡ ᠰᠤᠷᠤᠭᠴᠢ ᠳᠤ ᠵᠠᠮ | ᠬᠠᠷᠢᠯᠴᠠᠭᠠᠨ ᠤ ᠵᠠᠷᠤᠳᠠᠯ ᠪᠣᠯᠤᠨ ᠣᠬᠤᠷ ᠬᠤᠭᠤᠴᠠᠭᠠᠨ ᠤ ᠠᠮᠢᠳᠤᠷᠠᠯ ᠤᠨ ᠰᠦᠢᠳᠬᠡᠯ ᠨᠦᠬᠦᠪᠦᠷᠢᠯᠡᠨ᠎ᠡ᠂ | ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠨᠤᠭᠤᠳ 500 ᠲᠥᠭᠦᠷᠢᠭ ᠤᠨ ᠨᠥᠬᠦᠪᠥᠷᠢ ᠣᠯᠭᠤᠵᠤ᠂ ᠣᠷᠣᠨ ᠤ | ᠭᠠᠳᠠᠨᠠᠬᠢ ᠰᠤᠷᠭᠠᠭᠤᠯᠢ ᠨᠤᠭᠤᠳ 1000 ᠲᠥᠭᠦᠷᠢᠭ ᠤᠨ ᠨᠥᠬᠦᠪᠥᠷᠢ ᠣᠯᠭᠤᠨ᠎ᠠ᠃ |