ᠲᠣᠭᠲᠠᠭᠠᠯ ᠠᠴᠠ ᠵᠥᠷᠢᠴᠡᠨ ᠬᠤᠭ ᠨᠣᠪᠰᠢ ᠶᠢ ᠰᠢᠢᠳᠪᠦᠷᠢᠯᠡᠭᠰᠡᠨ ᠠᠵᠢᠯᠯᠠᠭ᠎ᠠ ᠶᠢ ᠱᠠᠩᠨᠠᠯ ᠲᠠᠢ ᠢᠯᠡᠴᠢᠯᠡᠨ ᠮᠡᠳᠡᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/3/27
   ᠮᠠᠨ ᠤ ᠲᠤᠭᠤᠷᠢᠭ ᠤᠨ ᠬᠤᠭ ᠨᠣᠪᠰᠢ ︵ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠠᠶᠠᠭᠳᠠᠮᠠᠯ ᠮᠣᠳᠣᠨ ᠤ ᠰᠠᠯᠠᠭ᠎ᠠ᠂ ᠮᠣᠳᠣᠨ ᠤ ᠨᠠᠪᠴᠢ ᠶᠢ ᠪᠠᠭᠲᠠᠭᠠᠨ᠎ᠠ︶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠭ ᠨᠣᠪᠰᠢ ᠶᠢ ᠰᠢᠢᠳᠪᠦᠷᠢᠯᠡᠬᠦ ᠪᠠ ᠲᠡᠭᠡᠭᠡᠪᠦᠷᠢᠯᠡᠬᠦ ᠡᠮᠬᠢ ᠳᠢᠭᠯᠢᠮ ᠢ ᠵᠢᠷᠤᠮᠵᠢᠭᠤᠯᠤᠨ ᠂ ᠬᠤᠲᠠ ᠶᠢᠨ ᠣᠷᠴᠢᠨ ᠲᠣᠭᠤᠷᠢᠨ ᠤ ᠴᠡᠪᠡᠷ ᠲᠡᠭᠰᠢ ᠪᠥᠭᠡᠳ ᠡᠮᠬᠢ ᠵᠢᠷᠤᠮ ᠲᠠᠢ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠪᠤᠭᠤᠲᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ︾᠂ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠳ᠋ᠦᠩ ᠾᠧ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠲᠣᠭᠲᠠᠭᠠᠯ ᠠᠴᠠ ᠵᠥᠷᠢᠴᠡᠨ ᠬᠤᠭ ᠨᠣᠪᠰᠢ ᠶᠢ ᠰᠢᠢᠳᠪᠦᠷᠢᠯᠡᠬᠦ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠᠷ ᠳᠣᠣᠷᠠᠬᠢ ᠮᠡᠲᠦ ᠵᠠᠷᠯᠠᠪᠠ᠃    ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ    1. ᠲᠣᠭᠲᠠᠭᠠᠯ ᠠᠴᠠ ᠵᠥᠷᠢᠴᠡᠨ ᠲᠡᠭᠡᠭᠡᠪᠦᠷᠢᠯᠡᠬᠦ᠄ ᠳᠠᠩᠰᠠᠯᠠᠭᠤᠯᠤᠭᠰᠠᠨ ᠥᠬᠡᠶ ᠲᠡᠷᠭᠡ ᠬᠥᠰᠬᠡ ᠶᠢ ᠬᠡᠷᠡᠭᠯᠡᠨ ᠬᠤᠭ ᠨᠣᠪᠰᠢ ᠲᠡᠭᠡᠭᠡᠪᠦᠷᠢᠯᠡᠵᠦ᠂ ᠬᠤᠭ ᠨᠣᠪᠰᠢ ᠲᠡᠭᠡᠭᠡᠪᠦᠷᠢᠯᠡᠬᠦ ᠶᠠᠪᠤᠴᠠ ᠳᠤ ᠵᠠᠮ ᠳᠠᠭᠠᠤ ᠬᠠᠶᠠᠵᠤ᠂ ᠠᠰᠬᠠᠵᠤ᠂ ᠲᠡᠭᠡᠭᠡᠪᠦᠷᠢ ᠶᠢᠨ ᠲᠡᠷᠭᠡ ᠬᠥᠰᠬᠡ ᠶᠢ ᠨᠢᠭᠲᠠ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠤᠭᠰᠠᠨ ᠥᠬᠡᠶ ᠠᠴᠠ ᠪᠣᠯᠵᠣ ᠬᠤᠭ ᠨᠣᠪᠰᠢ ᠶᠢ ᠵᠠᠮ ᠳᠠᠭᠠᠤ ᠠᠰᠬᠠᠬᠤ ᠵᠡᠷᠭᠡ ᠦᠢᠯᠡ ᠠᠵᠢᠯᠯᠠᠭ᠎ᠠ ᠥᠷᠨᠢᠭᠦᠯᠪᠡ᠃    2. ᠲᠣᠭᠲᠠᠭᠠᠯ ᠠᠴᠠ ᠵᠥᠷᠢᠴᠡᠨ ᠠᠰᠬᠠᠭ᠎ᠠ᠄ ᠬᠤᠭ ᠨᠣᠪᠰᠢ ᠶᠢ ᠲᠣᠭᠲᠠᠭᠰᠠᠨ ᠲᠠᠯᠠᠪᠤᠷ ᠭᠠᠵᠠᠷ ᠲᠤ ᠬᠦᠷᠭᠡᠭᠰᠡᠨ ᠥᠬᠡᠶ᠂ ᠳᠤᠷ᠎ᠠ ᠪᠠᠷ ᠢᠶᠠᠨ ᠬᠤᠭ ᠨᠣᠪᠰᠢ ᠬᠠᠶᠠᠭᠰᠠᠨ᠂ ᠠᠰᠬᠠᠭᠰᠠᠨ ᠦᠢᠯᠡ ᠠᠵᠢᠯᠯᠠᠭ᠎ᠠ᠃    3. ᠳᠤᠷ᠎ᠠ ᠪᠠᠷ ᠢᠶᠠᠨ ᠰᠢᠢᠳᠪᠦᠷᠢᠯᠡᠬᠦ᠄ ᠨᠢᠭᠡᠴᠢ ᠪᠤᠶᠤ ᠬᠤᠪᠢ ᠬᠥᠮᠦᠨ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠬᠤᠭ ᠨᠣᠪᠰᠢ ᠶᠢ ᠳᠤᠷ᠎ᠠ ᠪᠠᠷ ᠢᠶᠠᠨ ᠰᠢᠢᠳᠪᠦᠷᠢᠯᠡᠬᠦ ᠦᠢᠯᠡ ᠠᠵᠢᠯᠯᠠᠭ᠎ᠠ᠂ ᠵᠢᠱᠢᠶᠡᠯᠡᠪᠡᠯ ᠵᠥᠪᠰᠢᠶᠡᠷᠡᠯ ᠦᠭᠡᠢ ᠪᠠᠷ ᠬᠤᠭ ᠨᠣᠪᠰᠢ ᠶᠢ ᠲᠡᠭᠡᠭᠡᠪᠦᠷᠢᠯᠡᠬᠦ᠂ ᠪᠤᠯᠠᠬᠤ᠂ ᠣᠪᠣᠭᠠᠯᠠᠬᠤ ᠵᠡᠷᠭᠡ ᠦᠢᠯᠡ ᠠᠵᠢᠯᠯᠠᠭ᠎ᠠ᠃    4. ᠲᠣᠭᠲᠠᠭᠠᠯ ᠠᠴᠠ ᠵᠥᠷᠢᠴᠡᠨ ᠰᠢᠢᠳᠪᠦᠷᠢᠯᠡᠬᠦ᠄ ᠬᠤᠭ ᠨᠣᠪᠰᠢ ᠶᠢ ᠠᠷᠢᠯᠭᠠᠬᠤ ᠲᠠᠯᠠᠪᠤᠷ ᠬᠠᠤᠯᠢ ᠳᠤ ᠨᠡᠶᠢᠴᠡᠬᠦ ᠭᠠᠷᠳᠠᠮ ᠣᠯᠤᠭᠰᠠᠨ ᠥᠬᠡᠶ ᠪᠤᠶᠤ ᠬᠢᠨᠠᠨ ᠵᠥᠪᠰᠢᠶᠡᠷᠡᠬᠦ ᠬᠡᠪᠴᠢᠶ᠎ᠡ ᠠᠴᠠ ᠳᠠᠪᠠᠭᠤᠯᠤᠨ ᠬᠤᠭ ᠨᠣᠪᠰᠢ ᠶᠢ ᠭᠥᠯᠢᠶᠡᠨ ᠠᠪᠬᠤ᠂ ᠰᠢᠢᠳᠪᠦᠷᠢᠯᠡᠬᠦ ᠵᠡᠷᠭᠡ ᠦᠢᠯᠡ ᠠᠵᠢᠯᠯᠠᠭ᠎ᠠ᠃    5. ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠄ ᠪᠠᠷᠢᠯᠭ᠎ᠠ ᠪᠠᠷᠢᠬᠤ ᠨᠢᠭᠡᠴᠡ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠭᠰᠡᠨ ᠥᠬᠡᠶ᠂ ᠨᠤᠷᠠᠭᠠᠵᠤ ᠨᠡᠭᠦᠯᠭᠡᠬᠦ ᠬᠤᠭᠤᠰᠣᠨ ᠭᠠᠵᠠᠷ ᠪᠠ ᠵᠠᠮ ᠤᠨ ᠬᠤᠶᠠᠷ ᠬᠠᠵᠠᠭᠤ ᠪᠠᠷ ᠳᠤᠷ᠎ᠠ ᠪᠠᠷ ᠢᠶᠠᠨ ᠴᠢᠳᠬᠤᠬᠤ᠂ ᠮᠣᠳᠣᠨ ᠤ ᠰᠠᠯᠠᠭ᠎ᠠ ᠶᠢ ᠰᠢᠲᠠᠭᠠᠬᠤ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠵᠡᠷᠭᠡ ᠦᠢᠯᠡ ᠠᠵᠢᠯᠯᠠᠭ᠎ᠠ᠃    ᠬᠤᠶᠠᠷ᠂ ᠢᠯᠡᠴᠢᠯᠡᠨ ᠮᠡᠳᠡᠭᠦᠯᠬᠦ ᠴᠠᠭ ᠬᠤᠭᠤᠴᠠᠭ᠎ᠠ᠂ ᠠᠷᠭ᠎ᠠ ᠮᠠᠶ᠋ᠢᠭ    ᠢᠯᠡᠴᠢᠯᠡᠨ ᠮᠡᠳᠡᠭᠦᠯᠬᠦ ᠴᠠᠭ᠄ 2025 ᠣᠨ ᠤ 4 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ᠃    2. ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ᠄    ︵1︶ ᠤᠲᠠᠰᠤ ᠪᠠᠷ ᠢᠯᠡᠴᠢᠯᠡᠨ ᠮᠡᠳᠡᠭᠦᠯᠬᠦ᠄ 24 ᠴᠠᠭ ᠤᠨ ᠢᠯᠡᠴᠢᠯᠡᠨ ᠮᠡᠳᠡᠭᠦᠯᠬᠦ ᠬᠠᠯᠠᠭᠤᠨ ᠤᠲᠠᠰᠤ 0472 - 4106023 ᠢᠯᠡᠴᠢᠯᠡᠨ ᠮᠡᠳᠡᠭᠦᠯᠦᠭᠴᠢ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠤᠨ᠎ᠠ᠃    ︵2︶ ᠢᠯᠡᠴᠢᠯᠡᠨ ᠮᠡᠳᠡᠭᠦᠯᠦᠭᠴᠢ ᠶᠢᠨ ᠠᠵᠢᠯᠯᠠᠬᠤ ᠴᠠᠭ ᠢ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠮᠳᠠ ᠠᠩᠭᠢ ᠶᠢᠨ ᠠᠯᠪᠠᠨ ᠭᠡᠷ ︵ᠬᠠᠶ᠋ᠢᠭ᠄ ᠳ᠋ᠦᠩ ᠾᠧ ᠲᠣᠭᠤᠷᠢᠭ ᠤᠨ ᠲᠢᠶᠠᠨ ᠵᠢᠶᠣᠣ ᠶᠡᠭᠡ ᠵᠡᠭᠡᠯᠢ ᠶᠢᠨ ᠬᠤᠶᠠᠷ ᠭᠠᠵᠠᠷ ᠤᠨ ᠬᠠᠭᠠᠰ ᠲᠣᠭᠤᠷᠢᠯ ᠵᠠᠮ ᠤᠨ ᠪᠠᠷᠠᠭᠤᠨ ᠲᠠᠯ᠎ᠠ ᠶᠢᠨ 104 ᠲᠠᠰᠤᠭ ᠲᠤ ᠬᠦᠷᠦᠨ᠎ᠡ᠃︶ ᠲᠤᠬᠠᠢ ᠶᠢᠨ ᠭᠠᠵᠠᠷ ᠲᠤ ᠨᠢ ᠢᠯᠡᠴᠢᠯᠡᠨ ᠮᠡᠳᠡᠭᠦᠯᠬᠦ᠃    ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠳᠤ᠂ ᠪᠢᠳᠡ ᠬᠤᠯᠪᠣᠭᠳᠠᠯ ᠪᠦᠬᠦᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃    ᠭᠤᠷᠪᠠ᠂ ᠱᠠᠩᠨᠠᠬᠤ ᠳᠦᠷᠢᠮ    ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠪᠠᠶᠢᠭᠤᠯᠵᠤ᠂ ᠰᠠᠭᠤᠭᠠᠯᠢ ᠠᠷᠠᠳ ᠤᠨ ᠲᠣᠭᠲᠠᠭᠠᠯ ᠠᠴᠠ ᠵᠥᠷᠢᠴᠡᠨ ᠬᠤᠭ ᠨᠣᠪᠰᠢ  ᠰᠢᠢᠳᠪᠦᠷᠢᠯᠡᠭᠰᠡᠨ‌ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠪᠠᠶᠢᠴᠠᠭᠠᠨ ᠲᠣᠳᠣᠯᠠᠮᠠᠭᠴᠠ ᠨᠢᠭᠡᠳᠦᠭᠡᠷ ᠢᠯᠡᠴᠢᠯᠡᠨ ᠮᠡᠳᠡᠭᠦᠯᠦᠭᠴᠢ ᠳᠤ 100 - 500 ᠲᠥᠭᠦᠷᠢᠭ ᠤᠨ ᠱᠠᠩᠨᠠᠯ ᠣᠯᠭᠤᠨ᠎ᠠ᠃    ᠳᠥᠷᠪᠡ᠂ ᠢᠯᠡᠴᠢᠯᠡᠨ ᠮᠡᠳᠡᠭᠦᠯᠬᠦ ᠱᠠᠭᠠᠷᠳᠠᠯᠭ᠎ᠠ    1. ᠢᠯᠡᠴᠢᠯᠡᠨ ᠮᠡᠳᠡᠭᠦᠯᠦᠭᠴᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠵᠤ᠂ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠴᠠᠭᠠᠵᠤ ᠪᠣᠯᠬᠤ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠬᠠᠩᠭᠠᠵᠤ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠬᠤᠳᠠᠯ ᠢᠶᠠᠷ ᠵᠣᠬᠢᠶᠠᠵᠤ᠂ ᠪᠣᠳᠠᠲᠤ ᠬᠡᠷᠡᠭ ᠢ ᠭᠠᠵᠢᠭᠤᠳᠠᠭᠤᠯᠵᠤ ᠪᠣᠯᠬᠤ ᠦᠭᠡᠢ᠂ ᠪᠤᠰᠤᠳ ᠢ ᠭᠦᠳᠬᠡᠨ ᠵᠠᠭᠠᠯᠳᠤᠵᠤ ᠬᠤᠣᠷᠯᠠᠵᠤ ᠪᠣᠯᠬᠤ ᠦᠭᠡᠢ᠃    2. ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠶ ᠪᠦᠷᠢᠨ ᠪᠦᠲᠦᠨ ᠪᠦᠲᠦᠮᠵᠢᠲᠡᠶ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠪᠣᠯᠤᠨ ᠬᠠᠷᠢᠯᠴᠠᠬᠤ ᠠᠷᠭ᠎ᠠ ᠮᠠᠶ᠋ᠢᠭ ᠢ ᠬᠠᠩᠭᠠᠵᠤ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠪᠠᠶᠢᠴᠠᠭᠠᠨ ᠰᠢᠶ᠋ᠳᠪᠦᠷᠢᠯᠡᠬᠦ ᠪᠠ ᠱᠠᠩᠨᠠᠬᠤ ᠬᠡᠷᠡᠭᠲᠡᠶ᠃    ᠲᠠᠪᠤ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠱᠠᠩᠨᠠᠬᠤ ᠵᠢᠭᠰᠠᠭᠠᠯᠲᠠ ᠳᠤ ᠪᠠᠶᠢᠬᠤ ᠦᠭᠡᠢ    1. ᠢᠯᠡᠴᠢᠯᠡᠨ ᠮᠡᠳᠡᠭᠦᠯᠦᠭᠰᠡᠨ ᠪᠣᠳᠠᠲᠤ ᠬᠡᠷᠡᠭ ᠨᠢ ᠲᠣᠳᠣᠷᠬᠠᠶ ᠦᠭᠡᠶ ᠪᠤᠶᠤ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠬᠢᠨᠠᠨ ᠬᠠᠷᠭᠤᠭᠤᠯᠬᠤ ᠶᠢᠨ ᠠᠷᠭ᠎ᠠ ᠦᠭᠡᠶ ᠪᠣᠯ᠃    2. ᠢᠯᠡᠴᠢᠯᠡᠨ ᠮᠡᠳᠡᠭᠦᠯᠦᠭᠰᠡᠨ ᠵᠦᠢᠯ ᠢ ᠨᠢᠭᠡᠨᠲᠡ ᠬᠦᠯᠢᠶᠡᠨ ᠠᠪᠤᠭᠰᠠᠨ ᠪᠤᠶᠤ ᠪᠠᠶᠢᠴᠠᠭᠠᠨ ᠰᠢᠢᠳᠪᠦᠷᠢᠯᠡᠭᠳᠡᠭᠡᠳ ᠬᠡᠷᠡᠭ ᠳᠠᠭᠤᠰᠤᠭᠠᠳᠤᠶ ᠪᠣᠯ᠃    3᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠣᠲᠣᠷ᠎ᠠ᠃    4᠂ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠬᠦᠴᠦᠨ ᠪᠦᠬᠦᠢ ᠬᠠᠷᠢᠯᠴᠠᠬᠤ ᠠᠷᠭ᠎ᠠ ᠬᠡᠯᠪᠡᠷᠢ᠃    5᠂ ᠠᠳᠠᠯᠢ ᠠᠵᠢᠯ ᠲᠥᠷᠥᠯ ᠤᠨ ᠮᠠᠭᠤ ᠰᠠᠨᠠᠭ᠎ᠠ ᠲᠠᠢ ᠥᠷᠢᠰᠦᠯᠳᠦᠬᠦ᠃  ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   25 ᠣᠨ ᠤ 3 ᠰᠠᠷ᠎ᠠ ᠶᠢᠨ 26 ᠤ ᠡᠳᠦᠷ
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1