ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠪᠣᠷᠣᠯᠠᠭᠤᠯᠬᠤ ᠡᠵᠡᠩᠨᠡᠯᠲᠡ ᠶᠢᠨ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠬᠤ ᠬᠡᠷᠡᠭᠯᠡᠯᠲᠡ ᠶᠢᠨ ᠦᠷ᠎ᠡ ᠳ᠋ᠦᠩ ᠤᠨ ᠲᠣᠳᠣᠷᠬᠠᠶᠢᠯᠠᠯ
ᠨᠡᠶᠢᠲᠡᠯᠡᠭᠰᠡᠨ ᠴᠠᠭ᠄
2025/3/28
     ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠪᠣᠷᠣᠯᠠᠭᠤᠯᠭ᠎ᠠ ᠶᠢᠨ ᠡᠵᠡᠩᠨᠡᠯᠲᠡ ᠶᠢᠨ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠬᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠪᠣᠷᠣᠯᠠᠭᠤᠯᠭ᠎ᠠ ᠶᠢᠨ ᠡᠵᠡᠩᠨᠡᠯᠲᠡ ᠶᠢᠨ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠬᠤ ᠠᠵᠢᠯ ᠤᠨ ᠲᠥᠰᠦᠯ︾ ᠶᠣᠰᠣᠭᠠᠷ᠂ ᠤᠯᠤᠰ ᠤᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠪᠥᠬᠦ ᠲᠣᠭᠤᠷᠢᠭ ᠤᠨ ᠢᠳᠡᠭᠡᠨ ᠤ ᠪᠣᠷᠣᠯᠠᠭᠤᠯᠭ᠎ᠠ ᠶᠢᠨ ᠡᠵᠡᠩᠨᠡᠯᠲᠡ ᠶᠢᠨ ᠭᠤᠭᠴᠤᠭ᠎ᠠ ᠳᠤ ᠲᠦᠭᠰᠢᠭᠦᠷᠢ ᠶᠢ ᠲᠠᠰ ᠬᠤᠪᠢᠶᠠᠬᠤ ᠠᠵᠢᠯ ᠢ ᠥᠷᠨᠢᠭᠦᠯᠵᠦ᠂ ᠲᠦᠭᠰᠢᠭᠦᠷᠢ ᠶᠢᠨ ᠲᠠᠰ ᠨᠢ ᠳᠣᠤᠷ᠎ᠠ ᠠᠴᠠ ᠥᠨᠳᠥᠷ ᠲᠤ ᠪᠠᠶᠢᠬᠤ ᠨᠢ A ᠲᠠᠰ ᠤᠨ ᠠᠶᠤᠯ ᠲᠦᠭᠰᠢᠭᠦᠷᠢ ︵ᠳᠣᠤᠷ᠎ᠠ ᠲᠦᠭᠰᠢᠭᠦᠷᠢ︶᠂ B ᠲᠠᠰ ᠤᠨ ᠠᠶᠤᠯ ᠲᠦᠭᠰᠢᠭᠦᠷᠢ ︵ᠳᠤᠮᠳᠠ ᠳᠣᠤᠷ᠎ᠠ ᠲᠦᠭᠰᠢᠭᠦᠷᠢ︶᠂ C ᠲᠠᠰ ᠤᠨ ᠠᠶᠤᠯ ᠲᠦᠭᠰᠢᠭᠦᠷᠢ ︵ᠳᠤᠮᠳᠠ ᠥᠨᠳᠥᠷ ᠲᠦᠭᠰᠢᠭᠦᠷᠢ︶᠂ D ᠲᠠᠰ ᠤᠨ ᠠᠶᠤᠯ ᠲᠦᠭᠰᠢᠭᠦᠷᠢ ︵ᠥᠨᠳᠥᠷ ᠲᠦᠭᠰᠢᠭᠦᠷᠢ︶ ᠵᠡᠷᠭᠡ ᠳᠥᠷᠪᠡᠨ ᠲᠠᠰ ᠪᠣᠯᠪᠠ᠃      ᠳᠡᠰ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠪᠠᠷ ᠳᠠᠮᠵᠢᠨ ᠬᠢᠨᠠᠨ ᠬᠠᠮᠢᠶᠠᠷᠬᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ ᠪᠠ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠵᠦ᠂ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠤᠨ ᠪᠣᠷᠤᠯᠠᠭᠤᠯᠭ᠎ᠠ ᠡᠵᠡᠩᠨᠡᠯᠲᠡ ᠶᠢᠨ ᠲᠥᠭᠰᠢᠭᠦᠷᠢ ᠶᠢ ᠳᠡᠰ ᠬᠤᠪᠢᠶᠠᠨ ᠬᠡᠷᠡᠭᠯᠡᠭᠰᠡᠨ ᠪᠠᠶᠢᠳᠠᠯ ᠨᠢ ᠳᠣᠣᠷᠠᠬᠢ ᠮᠡᠲᠦ᠄      ᠣᠲᠣ ᠪᠣᠯᠲᠠᠯ᠎ᠠ᠂ 3046 ᠡᠷᠦᠬᠡ ᠢᠳᠡᠭᠡᠨ ᠤ ᠪᠣᠷᠣᠯᠠᠭᠤᠯᠭ᠎ᠠ ᠶᠢᠨ ᠡᠵᠡᠩᠨᠡᠭᠴᠢ ᠶᠢᠨ ᠲᠦᠭᠰᠢᠭᠦᠷᠢ ᠶᠢᠨ ᠲᠠᠰ ᠢ ᠬᠥᠳᠡᠯᠦᠩᠭᠦᠶ ᠪᠠᠷ ᠳᠣᠭᠢᠷᠠᠭᠤᠯᠤᠨ ᠦᠨᠡᠯᠡᠨ ᠲᠣᠭᠲᠠᠭᠠᠵᠠᠶ᠃ ᠡᠭᠦᠨ ᠳᠤ᠄ A ᠲᠠᠰ ᠤᠨ ᠲᠦᠭᠰᠢᠭᠦᠷᠢ ︵ᠳᠣᠤᠷ᠎ᠠ ᠲᠦᠭᠰᠢᠭᠦᠷᠢ︶ 682 ᠡᠷᠦᠬᠡ᠂ B ᠲᠠᠰ ᠤᠨ ᠲᠦᠭᠰᠢᠭᠦᠷᠢ ︵ᠳᠤᠮᠳᠠ ᠳᠣᠤᠷ᠎ᠠ ᠲᠦᠭᠰᠢᠭᠦᠷᠢ︶ 1425 ᠡᠷᠦᠬᠡ᠂ C ᠲᠠᠰ ᠤᠨ ᠲᠦᠭᠰᠢᠭᠦᠷᠢ ︵ᠳᠤᠮᠳᠠ ᠥᠨᠳᠥᠷ ᠲᠦᠭᠰᠢᠭᠦᠷᠢᠲᠡᠶ︶ 833 ᠡᠷᠦᠬᠡ᠂ D ᠲᠠᠰ ᠤᠨ ᠲᠦᠭᠰᠢᠭᠦᠷᠢ ︵ᠲᠦᠭᠰᠢᠭᠦᠷᠢ ᠶᠡᠭᠡ︶ 106 ᠡᠷᠦᠬᠡ ᠪᠣᠶ᠃                          ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ                          ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                           2025 ᠣᠨ ᠤ 3 ᠰᠠᠷ᠎ᠠ ᠶᠢᠨ 28 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1