ᠥᠪᠥᠷ ᠮᠣᠩᠬᠤᠯ ᠤᠨ ᠭᠡᠷ ᠤᠨ ᠴᠠᠬᠢᠯᠭᠠᠨ ᠬᠡᠷᠡᠭᠰᠡᠯ ᠬᠠᠭᠤᠴᠢᠨ ᠢᠶᠠᠷ ᠰᠢᠨ᠎ᠡ ᠶᠢ ᠰᠣᠯᠢᠬᠤ ᠨᠦᠬᠦᠪᠦᠷᠢ ᠮᠥᠩᠭᠦ ᠢᠷᠡᠪᠡ︕
ᠨᠡᠶᠢᠲᠡᠯᠡᠭᠰᠡᠨ ᠴᠠᠭ᠄
2025/3/3
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ 4 ᠰᠠᠯᠠᠭ᠎ᠠ ᠮᠥᠴᠢᠷ ︽2025 ᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠴᠢᠳᠠᠪᠤᠷᠢ ᠶᠢ ᠬᠥᠭᠵᠢᠭᠡᠪᠡ᠃    ︽ᠮᠡᠳᠡᠭᠳᠡᠯ︾ ᠳᠤ᠂ 2025 ᠣᠨ ᠳᠤ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢᠨ ᠲᠥᠷᠥᠯ ᠰᠢᠨ᠎ᠡ ᠪᠠᠷ 6 ᠲᠥᠷᠥᠯ ᠤᠨ ᠦᠢᠯᠡᠳᠬᠦᠨ᠄ ᠬᠤᠪᠴᠠᠰᠤ ᠤᠬᠢᠶᠠᠬᠤ ᠮᠠᠰᠢᠨ ︵ᠢᠯᠢᠭᠦᠷ ᠢ ᠢᠯᠢᠭᠦᠷ᠂ ᠲᠦᠷᠬᠢᠬᠦ ᠮᠠᠰᠢᠨ︶᠂ ᠭᠠᠵᠠᠷ ᠱᠦᠭᠦᠷᠳᠡᠬᠦ ᠮᠠᠰᠢᠨ ︵ᠭᠠᠵᠠᠷ ᠤᠬᠢᠶᠠᠬᠤ ᠮᠠᠰᠢᠨ᠂ ᠭᠠᠵᠠᠷ ᠤᠬᠢᠶᠠᠬᠤ ᠮᠠᠰᠢᠨ᠂ ᠲᠣᠭᠤᠰᠣᠨ ᠰᠣᠷᠣᠬᠤ ᠮᠠᠰᠢᠨ︶᠂ ᠵᠢᠩᠨᠡᠬᠦ ᠬᠠᠶᠢᠷᠴᠠᠭ ︵ᠵᠢᠩᠨᠡᠬᠦ‍ ᠨᠢᠭᠡ ᠴᠣᠭᠴᠠᠲᠤ ᠮᠠᠰᠢᠨ᠂ ᠵᠢᠩᠨᠡᠬᠦ ᠬᠠᠶᠢᠷᠴᠠᠭ᠂ ᠰᠢᠷᠠᠬᠤ ᠬᠠᠶᠢᠷᠴᠠᠭ ︵ᠰᠢᠨ᠎ᠡ ᠰᠠᠯᠬᠢᠨ ᠤ ᠮᠠᠰᠢᠨ᠂ ᠴᠢᠭᠢᠭᠲᠦᠬᠦᠷ᠂ ᠴᠠᠬᠢᠯᠭᠠᠨ ᠳᠤᠯᠠᠭᠠᠯᠠᠭ᠎ᠠ︶᠂ ᠴᠠᠬᠢᠯᠭᠠᠨ ᠵᠢᠩᠨᠡᠭᠦᠷ ︵ᠴᠠᠬᠢᠯᠭᠠᠨ ᠬᠠᠯᠠᠭᠤᠨ ᠤᠰᠤᠨ ᠳᠡᠪᠦᠷ᠎ᠡ᠂ ᠪᠡᠶ᠎ᠡ ᠰᠤᠪᠢᠯᠠᠬᠤ ᠳᠡᠪᠦᠷ᠎ᠡ᠂ ᠴᠠᠬᠢᠯᠭᠠᠨ ᠬᠠᠯᠠᠭᠤᠨ ᠲᠣᠭᠤᠭ᠎ᠠ᠂ ᠴᠠᠬᠢᠯᠭᠠᠨ ᠬᠠᠯᠠᠭᠠᠯᠲᠠ ᠶᠢᠨ ᠵᠤᠤᠬ᠎ᠠ︶᠂ ᠨᠢᠳᠤᠨᠤᠨ ᠤ 12 ᠶᠡᠭᠡ ᠲᠥᠷᠥᠯ ᠤᠨ ᠦᠢᠯᠡᠳᠬᠦᠨ ᠢ ᠨᠡᠮᠡᠵᠦ᠂ ᠡᠨᠡ ᠵᠢᠯ ᠬᠠᠭᠤᠴᠢᠨ ᠢᠶᠠᠷ ᠰᠢᠨ᠎ᠡ ᠶᠢ ᠰᠣᠯᠢᠭᠰᠠᠨ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢᠨ ᠲᠥᠷᠥᠯ ᠨᠡᠶᠢᠲᠡ 18 ᠲᠥᠷᠥᠯ ᠪᠣᠯᠪᠠ᠃ ᠲᠣᠰ ᠤᠳᠠᠭᠠᠨ ᠤ ᠨᠥᠬᠦᠪᠥᠷᠢ ᠶᠢᠨ ᠴᠠᠭ ᠤᠨ ᠬᠢᠵᠠᠭᠠᠷ ᠨᠢ 2025 ᠤᠨ ᠪᠣᠯᠤᠨ᠎ᠠ᠃    ︽ᠮᠡᠳᠡᠭᠳᠡᠯ︾ ᠳᠤ᠂ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠭᠤᠤᠯ ᠴᠣᠭᠴᠠ ᠶᠢᠨ ᠬᠠᠮᠲᠤᠷᠠᠨ ᠦᠶ᠋ᠯᠡᠳᠪᠦᠷᠢᠯᠡᠬᠦ ᠠᠵᠤ ᠠᠬᠤᠶᠢᠯᠠᠯ᠂ ᠡᠭᠡᠭᠦᠯᠦᠨ ᠬᠤᠷᠢᠶᠠᠬᠤ ᠠᠵᠤ ᠠᠬᠤᠶᠢᠯᠠᠯ ᠲᠠᠢ ᠬᠤᠯᠪᠣᠭᠠᠯᠠᠨ ᠬᠠᠭᠤᠴᠢᠨ ᠢᠶᠠᠷ ᠰᠢᠨ᠎ᠡ ᠶᠢ ᠰᠣᠯᠢᠵᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠷᠠᠭᠠᠯᠵᠠᠯ ᠤᠨ ᠠᠰᠢᠭ ᠣᠯᠭᠤᠬᠤ ᠶᠢ ᠵᠣᠷᠢᠭᠵᠢᠭᠤᠯᠵᠤ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠪᠦᠷᠢᠯᠳᠦᠭᠦᠯᠦᠨ᠎ᠡ ᠭᠡᠵᠦ ᠳᠤᠷᠠᠳᠤᠨ ᠭᠠᠷᠭᠠᠪᠠ᠃ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠨᠤᠭᠤᠳ ︽ᠰᠢᠨ᠎ᠡ ᠶᠢ ᠰᠣᠯᠢᠬᠤ︾ ᠪᠠ ︽ᠬᠠᠭᠤᠴᠢᠨ ᠢ ᠬᠤᠷᠢᠶᠠᠬᠤ︾ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠵᠦ᠂ ᠬᠡᠷ ᠤᠨ ᠴᠠᠬᠢᠯᠭᠠᠨ ᠬᠡᠷᠡᠭᠰᠡᠯ ᠢ ᠬᠤᠷᠢᠶᠠᠨ ᠠᠪᠬᠤ ᠭᠤᠤᠯ ᠴᠣᠭᠴᠠ ᠶᠢᠨ ᠬᠤᠷᠢᠶᠠᠨ ᠠᠪᠤᠭᠰᠠᠨ ᠬᠠᠶᠠᠭᠳᠠᠮᠠᠯ ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠢ ᠵᠢᠩᠬᠢᠨᠢ ᠬᠤᠷᠢᠶᠠᠨ ᠠᠪᠴᠤ ᠵᠠᠳᠠᠯᠬᠤ ᠠᠵᠤ ᠠᠬᠤᠶᠢᠯᠠᠯ ᠳᠤ ᠲᠤᠰᠢᠶᠠᠨ ᠰᠢᠢᠳᠪᠦᠷᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ 2027 ᠤᠨ ᠪᠣᠯᠬᠤ ᠳᠤ᠂ ᠡᠯ᠎ᠡ ᠠᠶᠢᠮᠠᠭ ᠬᠤᠲᠠ ᠶᠢᠨ ᠬᠠᠶᠠᠭᠳᠠᠮᠠᠯ ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠭᠰᠠᠨ ᠬᠡᠮᠵᠢᠶ᠎ᠡ ᠶᠢ 2024 ᠣᠨ ᠤ ᠬᠢ ᠠᠴᠠ 30% ᠠᠴᠠ ᠳᠡᠭᠡᠭᠰᠢ ᠨᠡᠮᠡᠭᠳᠡᠭᠦᠯᠦᠨ᠎ᠡ᠃    ︽ᠣᠳᠣᠬᠠᠨ ᠳᠤ ᠪᠥᠬᠦ ᠣᠷᠣᠨ ᠳᠤ ᠨᠡᠶᠢᠲᠡ 1500 ᠭᠠᠷᠤᠶ ᠬᠤᠳᠠᠯᠳᠤᠭᠠᠴᠢᠨ ᠡᠷᠦᠬᠡ ᠵᠢᠴᠢ ᠵᠢᠩ ᠳ᠋ᠦᠩ᠂ ᠲᠢᠶᠠᠨ ᠮᠤᠤ᠂ ᠰᠦ᠋ ᠨᠢᠩ ᠢ ᠬᠤᠳᠠᠯᠳᠤᠨ ᠠᠪᠬᠤ᠂ ᠴᠤᠤᠷᠢᠶ᠎ᠠ᠂ ᠨᠠᠷᠢᠮᠤ ᠪᠤᠳᠠᠭ᠎ᠠ᠂ ᠫᠢᠨ ᠳ᠋ᠥᠸᠧ ᠳ᠋ᠥᠸᠧ ᠵᠡᠷᠭᠡ ᠡᠯᠧᠺᠳ᠋ᠷᠣᠨ ᠬᠤᠳᠠᠯᠳᠤᠭᠠᠨ ᠤ ᠣᠯᠠᠨ ᠲᠠᠪᠴᠠᠩ ᠠᠵᠢᠯᠯᠠᠭ᠎ᠠ ᠳᠤ ᠣᠷᠣᠯᠴᠠᠵᠠᠶ᠃ ᠡᠨᠡ ᠵᠢᠯ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠬᠡᠷ ᠤᠨ ᠴᠠᠬᠢᠯᠭᠠᠨ ᠬᠡᠷᠡᠭᠰᠡᠯ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠨᠢᠭᠡᠨᠲᠡ 24.4 ᠲᠦᠮᠡᠨ ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠵᠤ᠂ 7.96 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ︔ ᠭᠠᠷ ᠤᠲᠠᠰᠤ ᠵᠡᠷᠭᠡ ᠲᠣᠭᠠᠴᠢᠯᠠᠭᠰᠠᠨ ᠦᠢᠯᠡᠳᠬᠦᠨ 25.4 ᠲᠦᠮᠡᠨ ᠰᠠᠤᠷᠢ ᠪᠣᠷᠣᠯᠠᠭᠤᠯᠵᠤ᠂ 7.58 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ  ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1