ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠬᠤᠭᠤᠴᠠᠭᠠᠨ ᠤ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2025/3/3
   ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠬᠤᠭᠤᠴᠠᠭ᠎ᠠ‌ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠭᠳᠡᠯ ᠤᠨ ᠪᠢᠴᠢᠭᠬᠦᠨᠳᠦᠲᠦ ᠰᠠᠭᠤᠭᠠᠯᠢ ᠠᠷᠠᠳ ᠨᠠᠶᠢᠵᠠ ᠨᠠᠷ ᠡ᠄    ᠣᠳᠣᠬᠠᠨ ᠳᠤ᠂ ᠬᠠᠲᠤᠨ ᠭᠤᠤᠯ ᠤᠨ ᠳ᠋ᠦᠩ ᠾᠧ ᠲᠣᠭᠤᠷᠢᠭ ᠤᠨ ᠬᠡᠰᠡᠭ ᠨᠢᠭᠡᠨᠲᠡ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠰᠦᠩ ᠬᠠᠯᠢᠶ᠎ᠠ ᠶᠢᠨ ᠬᠠᠶᠢᠯᠬᠤ ᠨᠥᠯᠥᠭᠡ ᠠᠴᠠ ᠪᠣᠯᠵᠣ᠂ ᠭᠤᠤᠯ ᠤᠨ ᠤᠰᠤᠨ ᠤ ᠲᠦᠪᠰᠢᠨ ᠬᠡᠯᠪᠡᠯᠵᠡᠬᠦ᠂ ᠮᠥᠰᠥᠨ ᠭᠠᠳᠠᠷᠭᠤ ᠶᠢᠨ ᠳᠠᠭᠠᠭᠠᠴᠠ ᠶᠡᠭᠡ ᠪᠠᠷ ᠪᠠᠭᠤᠷᠠᠵᠤ᠂ ᠰᠥᠩ ᠬᠠᠯᠢᠶ᠎ᠠ ᠶᠢ ᠮᠥᠷᠭᠦᠯᠳᠦᠬᠦ᠂ ᠬᠠᠰᠢᠬᠤ ᠪᠠ ᠭᠤᠤᠯ ᠤᠨ ᠡᠷᠭᠢ ᠨᠤᠷᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠢ ᠠᠮᠠᠷᠬᠠᠨ ᠡᠭᠦᠰᠭᠡᠪᠡ᠃ ᠣᠳᠣᠬᠠᠨ ᠳᠤ᠂ ᠡᠯ᠎ᠡ ᠬᠠᠰᠢᠯᠭ᠎ᠠ ᠶᠢᠨ ᠭᠤᠤᠯ ᠵᠠᠮ ᠢ ᠨᠢᠭᠡᠨᠲᠡ ᠲᠦᠷ ᠴᠠᠭ ᠪᠢᠲᠡᠭᠦᠮᠵᠢᠯᠡᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠦᠶᠡᠷ ᠢ ᠰᠡᠷᠭᠡᠶᠢᠯᠡᠬᠦ ᠪᠤᠰᠤ ᠬᠥᠮᠦᠰ ᠪᠠ ᠲᠡᠷᠭᠡ ᠬᠥᠰᠬᠡ ᠶᠢ ᠬᠠᠲᠤᠨ ᠭᠤᠤᠯ ᠤᠨ ᠳᠠᠯᠠᠩ ᠪᠠ ᠭᠤᠤᠯ ᠤᠨ ᠵᠠᠮ ᠳᠤ ᠴᠤᠭᠯᠠᠷᠠᠭᠤᠯᠬᠤ᠂ ᠵᠢᠭᠠᠰᠤ ᠭᠥᠬᠢᠳᠡᠬᠦ᠂ ᠡᠪᠦᠯ ᠤᠨ ᠤᠮᠪᠠᠯᠲᠠ᠂ ᠮᠥᠰᠥᠨ ᠳᠤ ᠲᠡᠰᠢᠬᠦ᠂ ᠭᠤᠯᠭᠤᠭᠤᠷ ᠨᠠᠭᠠᠳᠤᠮ ᠬᠢᠬᠦ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠲᠠᠩ ᠭᠠᠵᠠᠷ ᠤᠨ ᠪᠠᠷᠢᠯᠭ᠎ᠠ ᠶᠢᠨ ᠠᠵᠢᠯ ᠢ ᠴᠠᠭᠠᠵᠠᠯᠠᠵᠤ᠂ ᠰᠥᠩ ᠬᠠᠯᠢᠶ᠎ᠠ ᠶᠢᠨ ᠳᠠᠭᠠᠷᠢᠯᠲᠠ᠂ ᠭᠤᠤᠯ ᠤᠨ ᠤᠰᠤᠨ ᠤ ᠢᠳᠡᠭᠳᠡᠯ ᠠᠴᠠ ᠪᠣᠯᠵᠣ ᠲᠣᠭᠲᠠᠭᠤᠨ ᠪᠤᠰᠤ ᠭᠤᠤᠯ ᠤᠨ ᠵᠠᠮ ᠤᠨ ᠬᠤᠶᠠᠷ ᠬᠠᠵᠠᠭᠤ ᠶᠢᠨ ᠣᠷᠣᠨ ᠪᠦᠰᠡ ᠳᠤ ᠣᠷᠣᠬᠤ ᠠᠴᠠ ᠵᠠᠶᠢᠯᠠᠰᠬᠢᠪᠠ᠃    ᠡᠭᠦᠨ ᠤ ᠬᠠᠮᠲᠤ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠤᠨ ᠭᠤᠷᠪᠠᠨ ᠲᠡᠮᠳᠡᠭᠯᠡᠯ ᠬᠢᠵᠦ᠂ ᠭᠤᠤᠯ ᠤᠨ ᠵᠠᠮ ᠤᠨ ᠬᠤᠶᠠᠷ ᠬᠠᠵᠠᠭᠤ ᠶᠢᠨ ᠰᠦᠩ ᠬᠠᠯᠢᠶ᠎ᠠ ᠶᠢᠨ ᠲᠠᠭᠠᠷᠢᠯᠲᠠ᠂ ᠭᠤᠤᠯ ᠤᠨ ᠤᠰᠤᠨ ᠤ ᠤᠷᠤᠰᠬᠠᠭᠳᠠᠯ ᠠᠴᠠ ᠪᠣᠯᠵᠣ ᠲᠣᠭᠲᠠᠭᠤᠨ ᠪᠤᠰᠤ ᠲᠦᠭᠰᠢᠭᠦᠷᠢᠲᠡᠶ ᠣᠷᠣᠨ ᠢ ᠪᠠᠲᠤ ᠴᠡᠭᠡᠵᠢᠯᠡᠬᠦ ᠶᠢ ᠤᠷᠢᠶᠠᠯᠠᠪᠠ︔ ᠬᠡᠦᠬᠡᠳ ᠢᠶᠠᠨ ᠰᠠᠶᠢᠲᠤᠷ ᠬᠠᠷᠠᠭᠠᠯᠵᠠᠵᠤ᠂ ᠲᠡᠳᠡᠨ ᠤ ᠳᠤᠷ᠎ᠠ ᠪᠠᠷ ᠢᠶᠠᠨ ᠭᠤᠤᠯ ᠤᠨ ᠬᠥᠪᠡᠭᠡ᠂ ᠮᠥᠰᠥᠨ ᠳᠤ ᠬᠠᠯᠳᠠᠬᠤ ᠶᠢ ᠰᠡᠷᠭᠡᠶᠢᠯᠡᠪᠡ︔ ᠭᠤᠤᠯ ᠨᠡᠭᠡᠭᠡᠬᠦ ᠬᠤᠭᠤᠴᠠᠭᠠᠨ ᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠠ ᠠᠮᠤᠷ ᠲᠦᠪᠰᠢᠨ ᠤ ᠰᠠᠨᠠᠭᠤᠯᠤᠮᠵᠢ ᠶᠢ ᠨᠢᠭᠲᠠ ᠠᠩᠬᠠᠷᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    ᠥᠷᠭᠡᠨ ᠣᠯᠠᠨ ᠰᠠᠭᠤᠭᠠᠯᠢ ᠠᠷᠠᠳ ᠬᠠᠷᠢᠯᠴᠠᠨ ᠳᠠᠮᠵᠢᠭᠤᠯᠤᠭᠠᠴᠢ᠂ ᠠᠵᠠ ᠬᠠᠷᠠᠭᠰᠠᠨ ᠪᠣᠳᠣᠯ ᠪᠢᠲᠡᠬᠡᠢ ᠣᠷᠣᠰᠢᠭᠠᠷᠠᠢ᠃ ᠠᠮᠢ ᠨᠠᠰᠤᠨ ᠤ ᠠᠮᠤᠷ  ᠲᠦᠪᠰᠢᠨ ᠨᠢ  ᠬᠦᠨᠳᠦᠳᠭᠡᠵᠦ  ᠂ ᠥᠪᠡᠷ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ  ᠪᠤᠯᠠᠬᠤ ᠬᠡᠷᠡᠭᠲᠡᠢ᠃           ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ       2025 ᠣᠨ ᠤ 2 ᠰᠠᠷ᠎ᠠ ᠶᠢᠨ 26 ᠤ ᠡᠳᠦᠷ
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1