3 ᠰᠠᠷ᠎ᠠ ᠶᠢᠨ 28 ᠤ ᠡᠳᠦᠷ᠂ ᠳ᠋ᠦᠩ ᠾᠧ ᠲᠣᠭᠤᠷᠢᠭ ᠤᠨ2025 ᠣᠨ ᠤ ᠲᠠᠩᠰᠠ ᠡᠪᠬᠡᠮᠡᠯ ᠤᠨ | ᠠᠵᠢᠯ ᠤᠨ ᠬᠤᠷᠠᠯ ᠵᠢᠴᠢ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ | ᠬᠤᠷᠠᠯᠳᠤᠭᠤᠯᠵᠤ᠂ ᠲᠠᠩᠰᠠ ᠡᠪᠬᠡᠮᠡᠯ ᠤᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ 2024 ᠣᠨ ᠤ ᠪᠥᠬᠦ | ᠣᠷᠣᠨ ᠤ ᠲᠠᠩᠰᠠ ᠡᠪᠬᠡᠮᠡᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ | ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠵᠢᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠥᠬᠦ ᠲᠤᠭᠤᠷᠢᠭ ᠤᠨ ᠲᠠᠩᠰᠠ | ᠡᠪᠬᠡᠮᠡᠯ ᠤᠨ ᠠᠵᠢᠯ ᠨᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠣᠶ ᠪᠣᠯᠭᠠᠬᠤ ᠭᠤᠤᠯ ᠱᠤᠭᠤᠮ ᠤᠨ ᠲᠣᠭᠤᠷᠢᠨ ᠳᠤ᠂ ᠪᠥᠬᠦ ᠲᠤᠭᠤᠷᠢᠭ ᠤᠨ ᠲᠠᠩᠰᠠ ᠡᠪᠬᠡᠮᠡᠯ ᠤᠨ | ᠵᠠᠰᠠᠯᠲᠠ ᠶᠢᠨ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠰᠠᠩ ᠬᠥᠮᠥᠷᠭᠡ ᠶᠢᠨ ᠲᠠᠩᠰᠠ | ᠡᠪᠬᠡᠮᠡᠯ ᠤᠨ ᠡᠬᠢ ᠪᠠᠶᠠᠯᠢᠭ ᠤᠨ ᠪᠦᠲᠦᠴᠡ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠦᠨ᠂ ᠲᠠᠩᠰᠠ ᠡᠪᠬᠡᠮᠡᠯ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠠᠩᠰᠠ ᠡᠪᠬᠡᠮᠡᠯ ᠤᠨ | ᠮᠡᠳᠡᠭᠡ ᠵᠠᠩᠭᠢᠵᠢᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠪᠥᠬᠦ | ᠲᠤᠭᠤᠷᠢᠭ ᠤᠨ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ | ᠤᠯᠪᠠ᠃ | ᠬᠤᠷᠠᠯ ᠠᠴᠠ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠠᠩᠰᠠ | ᠡᠪᠬᠡᠮᠡᠯ ᠲᠡᠦᠬᠡ ᠣᠶᠢᠯᠠᠯᠭ᠎ᠠ ᠶᠢᠨ ᠠᠵᠢᠯ ᠤᠨ ᠥᠪᠡᠷᠮᠢᠴᠡ ᠲᠡᠦᠬᠡ ᠶᠢᠨ ᠲᠡᠮᠳᠡᠭᠯᠡᠯ᠂ ᠬᠠᠮᠲᠤ ᠶᠢᠨ ᠤᠢ ᠰᠠᠨᠠᠮᠵᠢ᠂ | ᠰᠣᠶᠣᠯ ᠤᠨ ᠬᠤᠷᠠᠮᠳᠤᠭᠤᠯᠤᠯ ᠵᠡᠷᠭᠡ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠦᠬᠦ ᠣᠷᠣᠨ ᠤ ᠴᠢᠨᠠᠷ ᠰᠠᠶᠢᠲᠠᠢ | ᠬᠥᠭᠵᠢᠯᠲᠡ ᠳᠤ ᠳᠠᠩᠰᠠ ᠡᠪᠬᠡᠮᠡᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠲᠠᠩᠰᠠ ᠡᠪᠬᠡᠮᠡᠯ ᠤᠨ | ᠵᠠᠰᠠᠯᠲᠠ ᠶᠢᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠡᠬᠢ ᠪᠠᠶᠠᠯᠢᠭ ᠤᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠲᠠᠩᠰᠠ ᠡᠪᠬᠡᠮᠡᠯ ᠤᠨ ᠠᠰᠢᠭᠯᠠᠯᠲᠠ ᠶᠢᠨ ᠬᠦᠴᠦᠨ | ᠴᠢᠳᠠᠪᠤᠷᠢ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠡᠷᠴᠢᠮ ᠢᠶᠠᠨ ᠴᠢᠩᠭᠠᠷᠠᠭᠤᠯᠤᠨ᠂ ᠲᠠᠩᠰᠠ ᠡᠪᠬᠡᠮᠡᠯ ᠤᠨ ᠳᠣᠲᠣᠷᠠᠬᠢ ᠳ᠋ᠦᠩ ᠾᠧ ᠶᠢᠨ ᠥᠯᠢᠭᠡᠷ ᠡᠳ᠋ ᠢ | ᠰᠠᠶᠢᠲᠤᠷ ᠶᠠᠷᠢᠵᠤ᠂ ᠲᠠᠩᠰᠠ ᠡᠪᠬᠡᠮᠡᠯ ᠤᠨ ᠬᠤᠪᠢᠰᠬᠠᠯ ᠤᠨ ᠲᠠᠭᠤᠨ ᠢ ᠤᠯᠠᠮᠵᠢᠯᠠᠬᠤ ᠬᠡᠷᠡᠭᠲᠡᠶ᠃ ᠲᠠᠩᠰᠠ | ᠡᠪᠬᠡᠮᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ︽ᠬᠠᠮᠲᠤ ᠪᠠᠷ ᠭᠥᠷᠳᠡᠬᠦ | ᠲᠠᠩᠰᠠ ᠡᠪᠬᠡᠮᠡᠯ ᠤᠨ ᠦᠢᠯᠡᠳᠪᠦᠷᠢ ᠶᠢᠨ ᠲᠠᠰᠤᠭ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠬᠠᠳᠠᠭᠠᠯᠠᠵᠤ ᠪᠠᠶᠢᠭ᠎ᠠ ᠲᠠᠩᠰᠠ ᠡᠪᠬᠡᠮᠡᠯ ᠢ ᠨᠡᠭᠡᠭᠡᠬᠦ ᠠᠬᠢᠴᠠ ᠶᠢ ᠲᠦᠷᠭᠡᠳᠬᠡᠨ᠂ ᠲᠠᠩᠰᠠ ᠡᠪᠬᠡᠮᠡᠯ ᠢ ᠪᠠᠶᠢᠴᠠᠭᠠᠬᠤ | ᠦᠢᠯᠡᠴᠢᠯᠡᠭᠡ ᠶᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠦᠨᠡᠨ ᠬᠦ ᠠᠬᠢᠭᠤᠯᠵᠤ᠂ ᠲᠠᠩᠰᠠ ᠡᠪᠬᠡᠮᠡᠯ ᠢ | ᠠᠷᠠᠳ ᠤᠨ ᠠᠮᠢᠳᠤᠷᠠᠯ ᠳᠤ ᠦᠢᠯᠡᠴᠢᠯᠡᠬᠦ ︽ᠰᠢᠨ᠎ᠡ ᠥᠨᠳᠦᠷᠯᠢᠭ︾ ᠢ ᠬᠦᠴᠦᠯᠡᠨ ᠪᠠᠶᠢᠭᠤᠯᠬᠤ ᠬᠡᠷᠡᠭᠲᠡᠶ᠃ | ᠲᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠩᠰᠠ ᠡᠪᠬᠡᠮᠡᠯ ᠤᠨ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠲᠠᠩᠰᠠ ᠡᠪᠬᠡᠮᠡᠯ ᠤᠨ ᠠᠮᠤᠷ | ᠲᠦᠪᠰᠢᠨ ᠢ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠪᠥᠬᠦ ᠣᠷᠣᠨ ᠤ | ᠲᠠᠩᠰᠠ ᠡᠪᠬᠡᠮᠡᠯ ᠤᠨ ᠠᠵᠢᠯᠲᠠᠳ ︽ᠨᠠᠮ ᠠᠴᠠ ᠲᠠᠩᠰᠠ ᠡᠪᠬᠡᠮᠡᠯ ᠢ ᠬᠠᠮᠢᠶᠠᠷᠬᠤ︾ ᠴᠢᠬᠤᠯᠠ ᠴᠢᠨᠠᠷ ᠪᠠ ᠲᠠᠩᠰᠠ | ᠡᠪᠬᠡᠮᠡᠯ ᠤᠨ ᠲᠡᠤᠬᠡ ᠣᠶᠢᠯᠠᠯᠭ᠎ᠠ ᠶᠢᠨ ᠠᠵᠢᠯ ᠤᠨ ᠥᠪᠡᠷᠮᠢᠴᠡ ᠦᠢᠯᠡᠳᠦᠯ ᠢ ᠭᠦᠨᠵᠡᠭᠡᠶ ᠲᠠᠨᠢᠵᠤ᠂ ᠪᠥᠬᠦ | ᠣᠷᠣᠨ ᠤ ᠲᠠᠩᠰᠠ ᠡᠪᠬᠡᠮᠡᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ᠂ | ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠠᠩᠰᠠ ᠡᠪᠬᠡᠮᠡᠯ ᠤᠨ | ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠬᠤᠷᠠᠯ ᠤᠨ ᠳᠠᠷᠠᠭ᠎ᠠ᠂ | ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠰᠠᠩ ︽ᠪᠠᠶᠢᠭᠤᠯᠭ᠎ᠠ ᠶᠢᠨ ᠲᠠᠩᠰᠠ ᠡᠪᠬᠡᠮᠡᠯ ᠤᠨ | ᠬᠠᠮᠢᠶᠠᠷᠤᠯᠲᠠ ᠶᠢᠨ ᠲᠣᠭᠲᠠᠭᠠᠯ︾ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ | ᠥᠷᠨᠢᠭᠦᠯᠪᠡ᠃ |