ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠠᠭᠰᠢ ᠰᠤᠷᠤᠭᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 28 ᠤ ᠡᠳᠦᠷ ᠤᠨ | ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠳᠤ 2025 ᠣᠨ ᠤ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠲᠣᠰ ᠤᠳᠠᠭᠠᠨ ᠤ ᠠᠵᠢᠯᠯᠠᠭ᠎ᠠ ᠨᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ | ᠲᠤᠷᠰᠢᠯᠭ᠎ᠠ ᠪᠠᠨ ᠰᠣᠯᠢᠯᠴᠠᠬᠤ ᠪᠠᠷ ᠳᠠᠮᠵᠢᠭᠤᠯᠤᠨ᠂ ᠡᠯ᠎ᠡ ᠰᠤᠷᠭᠠᠭᠤᠯᠢ ᠳᠤ ᠬᠠᠷᠢᠯᠴᠠᠨ ᠰᠤᠷᠤᠯᠴᠠᠵᠤ ᠬᠠᠷᠢᠯᠴᠠᠨ | ᠲᠣᠯᠢ ᠪᠣᠯᠭᠠᠬᠤ ᠲᠠᠪᠴᠠᠩ ᠢ ᠪᠠᠶᠢᠭᠤᠯᠵᠤ ᠥᠭᠴᠡᠶ᠃ | | ᠬᠤᠷᠠᠯ ᠳᠤ ᠣᠷᠣᠯᠴᠠᠭᠰᠠᠳ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠢᠳᠡᠭᠡᠨ ᠡᠳ᠋ᠰᠢᠭᠦᠯᠬᠦ | ᠠᠵᠢᠯᠯᠠᠭᠠᠨ ᠤ ᠲᠠᠰᠤᠭ᠂ ᠤᠬᠢᠶᠠᠵᠤ ᠠᠷᠢᠭᠤᠳᠬᠠᠬᠤ ᠲᠠᠰᠤᠭ᠂ ᠢᠳᠡᠭᠡᠨ ᠤ ᠮᠠᠲ᠋ᠧᠷᠢᠶᠠᠯ ᠬᠠᠳᠠᠭᠠᠯᠠᠬᠤ ᠲᠠᠰᠤᠭ | ᠵᠡᠷᠭᠡ ᠣᠷᠣᠨ ᠲᠤᠭᠤᠷᠢᠭ ᠳᠤ ᠭᠦᠨᠵᠡᠭᠡᠶᠢᠷᠡᠵᠦ᠂ ᠬᠤᠭᠤᠯᠠᠨ ᠬᠡᠷ ᠤᠨ ᠪᠡᠯᠡᠳᠬᠡᠮᠵᠢ ᠲᠥᠬᠦᠭᠡᠷᠦᠮᠵᠢ ᠶᠢᠨ | ᠲᠣᠬᠢᠷᠠᠭᠤᠯᠤᠯᠲᠠ᠂ ᠠᠵᠢᠯᠯᠠᠬᠤ ᠶᠠᠪᠤᠴᠠ ᠶᠢᠨ ᠵᠢᠷᠤᠮᠵᠢᠯ ᠵᠢᠴᠢ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ | ᠡᠯ᠎ᠡ ᠴᠢᠳᠠᠮᠵᠢ ᠶᠢᠨ ᠬᠤᠭᠤᠷᠣᠨᠳᠣᠬᠢ ᠬᠠᠮᠢᠶᠠᠷᠤᠯᠲᠠ ᠶᠢᠨ ᠱᠠᠭᠠᠷᠳᠠᠯᠭ᠎ᠠ᠂ ᠪᠠᠷᠢᠮᠵᠢᠶ᠎ᠠ ᠪᠣᠯᠤᠨ ᠠᠵᠢᠯ | ᠡᠷᠭᠢᠯᠡᠭᠰᠡᠳ ᠤᠨ ᠬᠠᠮᠢᠶᠠᠷᠤᠯᠲᠠ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠤᠨ | ᠪᠢᠴᠢᠭ ᠮᠠᠲ᠋ᠧᠷᠢᠶᠠᠯ ᠢ ᠰᠤᠷᠤᠯᠴᠠᠪᠠ᠃ ᠳᠠᠷᠠᠭ᠎ᠠ ᠨᠢ ᠬᠤᠷᠠᠯᠳᠤᠭᠰᠠᠨ ᠲᠤᠷᠰᠢᠯᠭ᠎ᠠ ᠰᠣᠯᠢᠯᠴᠠᠬᠤ ᠬᠤᠷᠠᠯ ᠳᠡᠭᠡᠷ᠎ᠡ᠂ | ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠥᠪᠡᠷ ᠤᠨ ᠬᠤᠭᠤᠯᠠᠨ ᠭᠡᠷ ᠤᠨ ᠬᠠᠮᠢᠶᠠᠷᠤᠯᠲᠠ ᠶᠢᠨ | ᠪᠣᠳᠠᠲᠠᠢ ᠲᠠᠢ ᠪᠠᠨ ᠤᠶᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ | ᠲᠤᠷᠰᠢᠯᠭ᠎ᠠ᠂ ᠠᠷᠭ᠎ᠠ ᠬᠢᠳᠡᠯ ᠢ ᠬᠤᠪᠢᠶᠠᠯᠴᠠᠵᠤ᠂ ᠤᠯᠠᠨ ᠢᠶᠠᠷ ᠢᠶᠠᠨ ᠬᠤᠭᠤᠯᠠᠨ ᠭᠡᠷ ᠤᠨ ᠬᠠᠮᠢᠶᠠᠷᠤᠯᠲᠠ ᠶᠢ ᠬᠡᠷᠬᠢᠨ | ᠤᠯᠠᠮ ᠴᠢᠨᠠᠭᠰᠢᠳᠠ ᠰᠢᠯᠢᠳᠡᠭᠵᠢᠭᠦᠯᠬᠦ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠬᠦ᠂ ᠢᠳᠡᠭᠡᠨ ᠤᠮᠳᠠᠭᠠᠨ ᠤ ᠥᠪᠡᠷ ᠤᠨ ᠦᠷᠳᠡᠭ ᠢ ᠵᠣᠬᠢᠰᠲᠠᠢ ᠡᠵᠡᠮᠳᠡᠬᠦ ᠵᠡᠷᠭᠡ ᠰᠡᠳᠦᠪ ᠤᠨ | ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ | ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠪᠣᠯ ᠳ᠋ᠦᠩ ᠾᠧ ᠲᠣᠭᠤᠷᠢᠭ ᠤᠨ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ | ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ︽ᠲᠤᠬᠠᠶ ᠶᠢᠨ ᠲᠠᠯᠠᠪᠤᠷ ᠲᠤ | ᠲᠣᠭᠤᠷᠢᠨ ᠦᠵᠡᠬᠦ ᠲᠤᠷᠰᠢᠯᠭ᠎ᠠ ᠰᠣᠯᠢᠯᠴᠠᠬᠤ︾ ᠪᠠᠷ ᠳᠠᠮᠵᠢᠭᠤᠯᠤᠨ᠂ ᠰᠢᠯᠢᠳᠡᠭ ᠬᠡᠷᠡᠭ ᠤᠨ ᠵᠢᠱᠢᠶ᠎ᠡ ᠶᠢᠨ ᠵᠢᠱᠢᠶ᠎ᠡ | ᠦᠵᠡᠭᠦᠯᠬᠦ ᠦᠢᠯᠡᠳᠦᠯ ᠢ ᠢᠯᠡᠷᠡᠭᠦᠯᠦᠭᠰᠡᠨ ᠮᠥᠷᠲᠡᠭᠡᠨ ᠪᠠᠰᠠ ᠡᠯ᠎ᠡ ᠰᠤᠷᠭᠠᠭᠤᠯᠢ ᠳᠤ ᠰᠠᠶᠢᠨ ᠰᠠᠶᠢᠬᠠᠨ | ᠰᠤᠷᠤᠯᠴᠠᠯᠭ᠎ᠠ ᠪᠠ ᠰᠣᠯᠢᠯᠴᠠᠭᠠᠨ ᠤ ᠲᠠᠪᠴᠠᠩ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠳ᠋ᠦᠩ | ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ | ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠶᠢ ᠬᠢᠨᠠᠨ ᠬᠠᠮᠢᠶᠠᠷᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠤᠯᠠᠮ ᠨᠢᠭᠡ | ᠠᠯᠬᠤᠮ ᠴᠢᠩᠭᠠᠳᠬᠠᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠪᠠ ᠦᠢᠯᠡᠴᠢᠯᠡᠭᠡᠨ ᠤ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠥᠷᠭᠡᠨ ᠣᠯᠠᠨ ᠪᠠᠭᠰᠢ | ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ | |