ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/31
   3 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ᠂ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠨᠠᠩ ᠶᠡᠭᠡ ᠡᠷᠴᠢᠮ ᠢᠶᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠶ ᠠᠭᠤᠰᠤᠯᠴᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ︽ᠭᠤᠷᠪᠠ ᠶᠢ ᠡᠷᠢᠬᠦ︾᠂ ︽ᠭᠤᠷᠪᠠᠨ ᠥᠨᠳᠦᠷᠯᠢᠭ︾ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠥᠬᠦ  ᠲᠤᠭᠤᠷᠢᠭ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ᠂ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢ ᠵᠦᠢ ᠵᠣᠬᠢᠰᠲᠠᠢ ᠬᠡᠷᠡᠭᠵᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠭᠤᠣᠯ ᠰᠡᠳᠦᠪ ᠤᠨ ᠲᠤᠬᠠᠢ ᠲᠠᠶᠢᠯᠤᠮᠵᠢ ᠬᠢᠵᠦ᠂ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠡᠷᠬᠡ ᠶᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠬᠦ ᠶᠢ ᠴᠢᠬᠤᠯᠠᠴᠢᠯᠠᠵᠤ᠂ ᠶᠣᠰᠣ ᠬᠡᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠬᠦ ᠪᠣᠯᠪᠠᠰᠤᠷᠠᠯ ᠥᠷᠨᠢᠭᠦᠯᠬᠦ᠂ ᠬᠥᠳᠡᠯᠦᠩᠭᠦᠢ ᠦᠨᠡᠯᠡᠨ ᠪᠠᠶᠢᠴᠠᠭᠠᠬᠤ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃    ᠬᠤᠷᠠᠯ ᠠᠴᠠ ︽ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠤᠨ ᠬᠢᠨᠠᠨ ᠵᠥᠪᠯᠡᠵᠦ᠂ ᠰᠢᠨᠵᠢᠯᠡᠬᠦ ᠤᠬᠠᠭᠠᠨᠴᠢ᠂ ᠵᠢᠷᠤᠮᠵᠢᠭᠰᠠᠨ᠂ ᠥᠨᠳᠥᠷ ᠪᠦᠲᠦᠮᠵᠢᠲᠡᠶ ᠪᠥᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1