3 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠵᠠᠩ ᠯᠢ ᠵᠢᠶᠦ᠋ᠨ ᠰᠣᠶᠣᠯ ᠵᠢᠭᠤᠯᠴᠢᠯᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | ᠵᠠᠩ ᠯᠢ ᠵᠢᠶᠦ᠋ᠨ ᠤᠷᠢᠳ ᠬᠤᠵᠢᠳ ᠪᠤᠭᠤᠲᠦ ᠰᠢᠬᠢᠷ ᠤᠨ ᠠᠵᠤ ᠦᠢᠯᠡᠳᠪᠦᠷᠢ ᠶᠢᠨ ᠮᠦᠽᠧᠶ᠂ ᠠᠳᠤᠭᠤᠴᠢᠨ | ᠵᠣᠬᠢᠶᠠᠭᠴᠢ ᠶᠢᠨ ᠲᠣᠰᠬᠤᠨ᠂ ᠪᠤᠭᠤᠲᠤ ᠶᠢᠨ ᠵᠣᠤ ᠶᠢᠨ ᠳᠤᠷᠠᠰᠬᠠᠯ ᠤᠨ ᠣᠷᠳᠣᠨ᠂ ᠥᠪᠥᠷ ᠮᠣᠩᠭᠤᠯ ᠤᠨ | ᠴᠠᠬᠢᠯᠭᠠᠨ ᠬᠦᠴᠦᠨ ᠤ ᠮᠦᠽᠧᠶ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠪᠣᠯᠤᠨ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ | ᠤᠢᠢᠯᠠᠭᠠᠭᠰᠠᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠴᠠᠢ᠃ | ᠳᠠᠷᠠᠭ᠎ᠠ ᠨᠢ᠂ ᠵᠠᠩ ᠯᠢ ᠵᠢᠶᠦ᠋ᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠬᠦᠷᠴᠦ᠂ | ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠪᠥᠬᠦ ᠲᠤᠭᠤᠷᠢᠭ ᠤᠨ ᠰᠣᠶᠣᠯ | ᠵᠢᠭᠤᠯᠴᠢᠯᠠᠯ ᠤᠨ ᠹᠷᠣᠨᠲ ᠤᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠣᠶᠣᠯ ᠤᠨ ᠥᠨᠳᠦᠷᠯᠢᠭ ᠢ ᠴᠣᠭᠴᠠᠯᠠᠬᠤ | ᠡᠯ᠎ᠡ ᠵᠦᠢᠯ ᠤᠨ ᠡᠭᠦᠷᠭᠡ ᠲᠠᠢ ᠬᠠᠷᠢᠴᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ | ᠲᠥᠯᠥᠪᠯᠡᠨ ᠳᠣᠭᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠶ᠃ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ᠂ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠳᠡᠨ᠂ ᠰᠣᠶᠣᠯ | ᠵᠢᠭᠤᠯᠴᠢᠯᠠᠯ ᠤᠨ ᠡᠯᠪᠡᠭ ᠪᠠᠶᠠᠯᠢᠭ ᠠᠭᠤᠷᠬᠠᠶ ᠶᠢ ᠤᠯᠠᠮ ᠨᠢᠭᠡ ᠠᠯᠬᠤᠮ ᠭᠦᠨ ᠠᠭᠤᠳᠠᠯᠵᠤ᠂ ᠣᠨᠴᠠᠯᠢᠭᠵᠢᠭᠰᠠᠨ᠂ | ᠵᠦᠷᠢᠶᠡᠵᠢᠭᠰᠡᠨ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠴᠢᠩᠭᠠᠷᠠᠭᠤᠯᠤᠨ᠂ ᠰᠣᠶᠣᠯ ᠵᠢᠭᠤᠯᠴᠢᠯᠠᠯ ᠤᠨ | ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠬᠡᠷᠡᠭᠲᠡᠶ᠃ ᠠᠭᠤᠰᠤᠯᠴᠠᠨ ᠬᠥᠭᠵᠢᠭᠦᠯᠬᠦ ᠠᠵᠢᠯ ᠢ | ᠰᠠᠶᠢᠲᠤᠷ ᠬᠢᠵᠦ᠂ ᠰᠢᠰᠲ᠋ᠧᠮᠲᠦ ᠰᠡᠳᠬᠢᠬᠦᠢ ᠪᠠ ᠵᠠᠬ᠎ᠠ ᠳᠡᠯᠭᠡᠭᠦᠷᠴᠢᠯᠡᠯᠲᠡ ᠶᠢᠨ ᠤᠢᠢᠯᠠᠭᠠᠭᠳᠠᠬᠤᠨ ᠢ ᠴᠢᠩᠭᠠᠳᠬᠠᠵᠤ | ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠬᠡᠷᠡᠭᠯᠡᠭᠡ ᠶᠢ ᠨᠢᠭᠡ ᠴᠤᠬᠴᠠᠵᠢᠭᠤᠯᠤᠨ ᠲᠥᠯᠥᠪᠵᠢᠭᠦᠯᠬᠦ᠂ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ | ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ | ᠤᠨᠴᠠᠯᠢᠬᠳᠤ ᠠᠮᠲᠠᠲᠤ ᠢᠳᠡᠭᠡᠨ ᠵᠡᠷᠭᠡ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ | ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠡᠩ ᠤᠯᠠᠨ ᠬᠡᠷᠡᠭᠯᠡᠭᠡᠨ ᠤ ᠰᠢᠨ᠎ᠡ ᠵᠠᠭᠪᠤᠷ᠂ | ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠬᠤᠢ ᠪᠠᠶᠢᠳᠠᠯ ᠢ ᠡᠭᠦᠳᠴᠦ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ | ᠴᠢᠷᠮᠠᠶᠢᠬᠤ ᠬᠡᠷᠡᠭᠲᠡᠢ᠃ ᠲᠦᠷᠦᠯ ᠵᠦᠢᠯᠴᠢᠯᠡᠬᠦ᠂ ᠨᠠᠷᠢᠨ ᠲᠠᠩᠰᠠᠴᠢᠯᠠᠬᠤ ᠶᠢ ᠠᠬᠢᠭᠤᠯᠬᠤ ᠶᠢ ᠪᠠᠷᠢᠮᠲᠠᠯᠠᠵᠤ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠬᠠᠮᠢᠶᠠᠷᠤᠯᠲᠠ ᠡᠵᠡᠩᠨᠡᠯᠲᠡ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠣᠶᠣᠯ ᠵᠤᠭᠠᠴᠠᠯ ᠤᠨ ᠲᠤᠪᠴᠢᠶ᠎ᠠ᠂ ᠰᠣᠶᠣᠯ ᠵᠤᠭᠠᠴᠠᠯ ᠤᠨ ᠪᠦᠯᠦᠭᠯᠡᠯ | ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳ᠋ᠦᠩ ᠾᠧ ᠰᠣᠶᠣᠯ | ᠵᠤᠭᠠᠴᠠᠯ ᠤᠨ ︽ᠬᠦᠬᠡ ᠲᠠᠯ᠎ᠠ︾ ᠪᠤᠯᠵᠤ᠂ ᠬᠠᠷᠠᠯᠲᠠ ᠡᠭᠦᠷᠭᠡ ᠪᠠᠨ ᠲᠣᠭᠲᠠᠭᠠᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ | ᠰᠤᠷᠲᠠᠯ ᠢᠶᠠᠷ ᠰᠣᠶᠣᠯ ᠤᠨ ᠥᠨᠳᠦᠷᠯᠢᠭ ᠢ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠣᠭᠤᠷᠢᠭ ᠤᠨ ᠤᠳᠤᠷᠢᠳᠤᠯᠭ᠎ᠠ ᠸᠠᠨ ᠯᠢ᠂ ᠵᠤᠤ ᠷᠦᠢ ᠵᠢᠶᠦ᠋ᠨ᠂ ᠰᠡᠷᠭᠦᠯᠠᠩ ᠣᠷᠣᠯᠴᠠᠪᠠ᠃ | |