2 ᠰᠠᠷ᠎ᠠ ᠶᠢᠨ 25 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠼᠠᠢ ᠱᠧᠨ | ᠮᠢᠶᠣᠣ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ | ᠬᠢᠪᠡ᠃ | ᠸᠠᠩ ᠷᠦᠢ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠤᠨ ᠬᠡᠷᠡᠭ | ᠡᠷᠬᠢᠯᠡᠬᠦ ᠶᠡᠭᠡ ᠲᠢᠩᠬᠢᠮ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ᠂ ᠰᠠᠭᠤᠭᠠᠯᠢ ᠠᠷᠠᠳ ᠤᠨ | ᠠᠵᠢᠯᠯᠠᠭᠠᠨ ᠤ ᠲᠠᠰᠤᠭ ᠵᠡᠷᠭᠡ ᠭᠠᠵᠠᠷ ᠲᠤ ᠬᠦᠷᠴᠦ᠂ ᠰᠠᠭᠤᠭᠠᠯᠢ ᠠᠷᠠᠳ᠂ ᠲᠣᠣᠷᠵᠢᠭᠤᠯᠤᠭᠴᠢ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠨᠡᠶᠢᠭᠡᠮ ᠲᠣᠭᠤᠷᠢᠭ ᠤᠨ ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠼᠠᠢ ᠱᠧᠨ ᠮᠢᠶᠣᠣ ᠵᠡᠭᠡᠯᠢ ᠭᠤᠳᠤᠮᠵᠢ ᠵᠢᠴᠢ ᠡᠯ᠎ᠡ ᠨᠡᠶᠢᠭᠡᠮ | ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠲᠤᠬᠠᠢ ᠶᠢᠨ | ᠲᠠᠯᠠᠪᠠᠢ ᠳᠤ ᠠᠯᠪᠠᠯᠠᠵᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠣᠷᠣᠰᠢᠵᠤ ᠪᠠᠶᠢᠭ᠎ᠠ ᠲᠦᠭᠵᠢᠷᠡᠯ ᠲᠠᠢ | ᠠᠰᠠᠭᠤᠳᠠᠯ ᠢ ᠰᠢᠢᠳᠪᠦᠷᠢᠯᠡᠪᠡ᠃ | ᠸᠠᠩ ᠷᠦᠢ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠪᠣᠯ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ᠂ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ ᠪᠡᠶᠡᠯᠡᠭᠦᠯᠬᠦ ᠶᠢᠨ | ᠤᠷᠢᠲᠠᠯ ᠪᠠ ᠪᠠᠲᠤᠯᠠᠭ᠎ᠠ ᠮᠥᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠨ ᠱᠠᠲᠤᠨ ᠤ ᠵᠠᠰᠠᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠦᠵᠡᠯ ᠰᠠᠨᠠᠭ᠎ᠠ ᠣᠶᠢᠯᠠᠭᠠᠭᠳᠠᠬᠤᠨ ᠪᠠ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠢᠳᠡᠪᠬᠢᠲᠡᠶ ᠬᠤᠪᠢᠷᠠᠭᠤᠯᠵᠤ᠂ | ᠡᠯ᠎ᠡ ᠲᠥᠷᠥᠯ ᠤᠨ ᠡᠬᠢ ᠪᠠᠶᠠᠯᠢᠭ ᠪᠠ ᠬᠦᠴᠦᠨ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠨᠠᠷᠢᠯᠢᠬᠵᠢᠭᠤᠯᠤᠨ | ᠵᠠᠰᠠᠬᠤ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠬᠢᠷᠢ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠤ ᠦᠢᠯᠡᠳᠦᠯ ᠢ ᠡᠳᠦᠷ | ᠲᠤᠳᠤᠮ ᠤᠨ ᠠᠵᠢᠯ ᠳᠤ ᠠᠭᠤᠰᠤᠯᠴᠠᠭᠤᠯᠵᠤ᠂ ᠬᠤᠪᠢᠰᠬᠠᠯ ᠤᠨ ᠪᠠᠬᠢᠯᠡᠯᠲᠡ ᠶᠢ ᠰᠠᠶᠢᠲᠤᠷ ᠬᠡᠷᠡᠭᠯᠡᠵᠦ᠂ | ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠡᠯᠪᠡᠭ ᠪᠠᠶᠠᠯᠢᠭ ᠤᠯᠠᠨ ᠶᠠᠩᠵᠤ ᠶᠢᠨ ᠨᠠᠮ ᠪᠠ ᠤᠯᠠᠨ | ᠲᠦᠮᠡᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢ ᠦᠨᠡᠨ ᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠬᠡᠷᠡᠭᠴᠡᠭᠡ ᠶᠢ ᠨᠠᠷᠢᠨ ᠬᠢᠨᠠᠮᠠᠭᠠᠢ ᠣᠶᠢᠯᠠᠭᠠᠨ ᠡᠮᠬᠢᠯᠡᠵᠦ᠂ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠤᠯᠠᠨ ᠲᠦᠮᠡᠨ ᠤ ᠳᠡᠷᠭᠡᠳᠡᠬᠢ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠤᠨᠢᠨ | ᠳᠡᠭᠡᠷ᠎ᠡ ᠨᠢ ᠰᠢᠢᠳᠪᠦᠷᠢᠯᠡᠬᠦ ᠬᠡᠷᠡᠭᠲᠡᠢ᠃ ︽ᠨᠠᠰᠤᠲᠠᠶᠢᠴᠤᠳ ᠪᠠ ᠨᠢᠯᠬᠠᠰ︾ ᠤᠨ ᠬᠤᠶᠠᠷ ᠭᠤᠤᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠰᠠᠭᠤᠷᠢ ᠬᠡᠷ ᠪᠠᠶᠢᠰᠢᠩ ᠢ ᠴᠡᠪᠡᠷᠯᠡᠨ ᠠᠷᠢᠯᠭᠠᠵᠤ᠂ | ᠣᠲᠣ ᠶᠢᠨ ᠪᠠᠶᠢᠭ᠎ᠠ ᠴᠢᠳᠠᠮᠵᠢ ᠶᠢᠨ ᠲᠠᠰᠤᠭ ᠢ ᠪᠥᠬᠦ ᠲᠠᠯ᠎ᠠ ᠪᠠᠷ ᠵᠣᠬᠢᠴᠠᠭᠤᠯᠤᠨ ᠨᠡᠶᠢᠳᠬᠡᠵᠦ᠂ ᠰᠠᠶᠢᠲᠤᠷ ᠬᠡᠷᠡᠭᠯᠡᠨ | ᠠᠮᠢᠳᠤᠯᠢᠭ ᠬᠡᠷᠡᠭᠯᠡᠵᠦ᠂ ᠨᠡᠶᠢᠭᠡᠮ ᠲᠣᠭᠤᠷᠢᠭ ᠤᠨ ᠡᠷᠡᠭᠦᠯᠵᠢᠯ ᠰᠤᠪᠢᠯᠠᠯᠲᠠ᠂ ᠡᠷᠡᠭᠦᠯᠵᠢᠯ᠂ ᠢᠳᠡᠭᠡᠨ ᠤᠮᠳᠠᠭᠠᠨ᠂ | ᠨᠠᠶᠢᠳᠠᠨ ᠬᠥᠮᠦᠵᠢᠭᠦᠯᠬᠦ ᠵᠡᠷᠭᠡ ᠲᠠᠯ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠡᠳᠬᠢᠯ ᠲᠠᠯᠪᠢᠨ ᠬᠠᠶᠢᠷ᠎ᠠ | ᠰᠡᠳᠬᠢᠯᠭᠡ ᠲᠠᠢ ᠪᠠᠷ ︽ᠥᠷᠯᠥᠭᠡ ᠶᠢᠨ ᠨᠡᠷᠡᠨ ᠤ ᠲᠤᠶᠠᠭ᠎ᠠ ᠶᠢ ᠨᠠᠩ ᠤᠯᠠᠭᠠᠨ᠂ ᠦᠳᠡᠰᠢ ᠶᠢᠨ ᠨᠡᠷᠡᠨ ᠢ ᠨᠠᠩ | ᠭᠤᠶᠤ︾ ᠪᠣᠯᠭᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠢᠳᠡᠪᠬᠢᠲᠡᠢ ᠪᠠᠷ ᠬᠦᠴᠦᠨ ᠴᠢᠳᠠᠯ ᠣᠯᠭᠤᠵᠤ᠂ ᠥᠷᠭᠡᠨ ᠤᠯᠠᠨ | ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ | ᠦᠢᠯᠡᠴᠢᠯᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠵᠧᠦ ᠰᠢᠤᠸᠠᠢ ᠯᠢᠶᠠᠩ ᠵᠢᠴᠢ ᠲᠣᠭᠤᠷᠢᠭ ᠤᠨ ᠨᠠᠮ ᠤᠨ ᠬᠤᠷᠢᠶᠠᠨ ᠤ | ᠠᠯᠪᠠᠨ ᠭᠡᠷ᠂ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠤᠯᠤᠰ | ᠲᠥᠷᠥ ᠶᠢᠨ ᠲᠣᠭᠠᠨ ᠤ ᠲᠣᠪᠴᠢᠶ᠎ᠠ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ |