ᠵᠠᠩ ᠯᠢ ᠵᠢᠶᠦ᠋ᠨ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/4
   3 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠰᠤᠷᠭᠠᠨ ᠬᠥᠮᠦᠵᠢᠯ ᠤᠨ ᠰᠢᠰᠲ᠋ᠧᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    ᠵᠠᠩ ᠯᠢ ᠵᠢᠶᠦ᠋ᠨ ᠤᠷᠢᠳ ᠬᠤᠵᠢᠳ  ᠪᠤᠭᠤᠲᠦ ᠬᠤᠶᠠᠳᠤᠭᠠᠷ ᠳᠤᠮᠳᠠᠳᠤ ᠰᠤᠷᠭᠠᠭᠤᠯᠢ᠂ ᠪᠸᠢ ᠯᠢᠶᠠᠩ ᠨᠢᠭᠡᠳᠦᠭᠡᠷ ᠪᠠᠭ᠎ᠠ ᠰᠤᠷᠭᠠᠭᠤᠯᠢ᠂ ᠦ᠋ ᠶᠤᠸᠠᠢ ᠬᠡᠤᠬᠡᠳ ᠤᠨ ᠴᠡᠴᠡᠷᠯᠢᠭ᠂ ᠴᠡᠴᠡᠷᠯᠢᠭ ᠵᠠᠮ ᠤᠨ ᠪᠠᠭ᠎ᠠ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ᠂ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠬᠤ᠂ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠳᠤᠷᠠᠳᠪᠠ᠃    ᠳᠠᠷᠠᠭ᠎ᠠ ᠨᠢ᠂ ᠵᠠᠩ ᠯᠢ ᠵᠢᠶᠦ᠋ᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ᠂ ᠪᠥᠬᠦ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠵᠠᠩ ᠯᠢ ᠵᠢᠶᠦ᠋ᠨ ᠬᠡᠯᠡᠬᠦ ᠳᠡᠭᠡᠨ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠥᠬᠡᠶ ᠰᠠᠶᠢᠲᠤᠷ ᠬᠡᠷᠡᠭᠵᠢᠭᠦᠯᠵᠦ᠂ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2024 - 2035 ᠣᠨ︶︾ ᠶᠢᠨ ᠰᠢᠨ᠎ᠡ ᠱᠠᠭᠠᠷᠳᠠᠯᠭ᠎ᠠ ᠪᠠ ᠰᠤᠷᠭᠠᠨ ᠬᠥᠮᠦᠵᠢᠯ ᠤᠨ ᠥᠨᠳᠦᠷᠯᠢᠭ ᠤᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠭᠤᠭᠤᠯᠵᠤ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠳᠠᠬᠢᠨ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠬᠦ ᠬᠡᠷᠡᠭᠲᠡᠶ᠃ ᠶᠠᠰᠤ ᠴᠢᠨᠠᠷ ᠢ ᠳᠡᠭᠡᠭᠰᠢᠯᠡᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠰᠤᠳᠤᠯᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠭᠤᠯᠤᠭᠳᠠᠬᠤᠨ ᠤ ᠬᠥᠭᠵᠢᠯᠲᠡ ᠳᠤ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠬᠥᠬᠡ ᠲᠠᠯ᠎ᠠ ᠶᠢᠨ ᠵᠣᠭᠰᠣᠯᠲᠠ︾ ᠳᠤ ᠪᠠᠲᠤ ᠵᠣᠭᠰᠣᠵᠤ᠂ ᠪᠣᠭᠤᠮᠲᠠ ᠰᠠᠬᠢᠬᠤ ᠤᠬᠠᠮᠰᠠᠷ ᠢᠶᠠᠨ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ᠂ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠲᠥᠬᠦᠭᠡᠷᠦᠮᠵᠢ ᠶᠢᠨ ᠲᠤᠬᠢᠷᠠᠭᠤᠯᠤᠯᠳᠠ ᠪᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠡᠷᠴᠢᠮᠯᠢᠭ ᠪᠥᠭᠡᠳ ᠠᠷᠪᠢᠲᠠᠢ ᠠᠬᠢᠭᠤᠯᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠠᠬᠢᠴᠠ ᠪᠠᠨ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠲᠣᠪᠴᠢᠶ᠎ᠠ ᠶᠢᠨ ᠤᠳᠤᠷᠢᠳᠬᠤ ᠪᠠᠭ ᠤᠨ ᠲᠣᠰ ᠪᠡᠶ᠎ᠡ ᠶᠢᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠢᠯᠠᠩᠭᠤᠶ᠎ᠠ ᠲᠣᠪᠴᠢᠶ᠎ᠠ᠂ ᠰᠤᠷᠭᠠᠭᠤᠯᠢ᠂ ᠴᠡᠴᠡᠷᠯᠢᠭ ᠤᠨ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠪᠡᠶ᠎ᠡ ᠪᠠᠨ ᠴᠢᠩᠭ᠎ᠠ ᠱᠠᠭᠠᠷᠳᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶ᠎ᠠ ᠣᠷᠣᠨ ᠳᠤᠨᠢ ᠴᠢᠩᠭ᠎ᠠ ᠬᠠᠮᠢᠶᠠᠷᠴᠤ᠂ ᠡᠯ᠎ᠡ ᠵᠦᠢᠯ ᠤᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠂ ᠰᠢᠷᠭᠠᠭᠤ ᠠᠵᠢᠯᠯᠠᠵᠤ ᠪᠣᠳᠠᠲᠠᠶ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ᠂ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃    ᠲᠣᠭᠤᠷᠢᠭ ᠤᠨ ᠤᠳᠤᠷᠢᠳᠤᠯᠭ᠎ᠠ ᠵᠤᠤ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1