ᠪᠤᠭᠤᠲᠤ ᠬᠤᠲᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠲᠥᠰᠦᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2025/3/5
     ᠣᠶᠢᠷ᠎ᠡ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠪᠤᠭᠤᠲᠤ ᠬᠤᠲᠠ ᠶᠢᠨ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠠᠷ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠶᠢ ᠳᠡᠮᠵᠢᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠂ ᠬᠤᠷᠳᠤᠨ ᠨᠠᠢᠷᠠᠭᠤᠯᠤᠭᠴᠢ ᠶᠢ ᠳᠠᠭᠠᠵᠤ ᠬᠠᠮᠲᠤ ᠪᠠᠷ ᠦᠵᠡᠶ᠎ᠡ ~      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠤᠯᠤᠰ ᠠᠴᠠ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠶᠢ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠵᠤ᠂ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠠᠵᠢᠯ ᠢ ᠠᠬᠢᠭᠤᠯᠤᠨ᠂ ᠰᠢᠨᠡᠳᠬᠡᠨ ᠥᠭᠡᠷᠡᠴᠢᠯᠡᠭᠰᠡᠨ ᠤ ᠳᠠᠷᠠᠭᠠᠬᠢ ᠴᠠᠬᠢᠯᠭᠠᠨ ᠱᠠᠲᠤ ᠳᠤ ᠬᠢᠮᠳᠠ ᠪᠥᠭᠡᠳ ᠳᠣᠭᠢᠷᠬᠠᠰᠠᠨ᠂ ᠠᠮᠤᠷ ᠲᠦᠪᠰᠢᠨ ᠪᠥᠭᠡᠳ ᠤᠳᠠᠭᠠᠨ ᠳᠠᠭᠠᠭᠠᠮᠠᠭᠠᠶ᠂ ᠠᠵᠢᠯᠯᠠᠭᠠᠨ ᠨᠢ ᠲᠣᠭᠲᠠᠭᠤᠨ᠂ ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ ᠪᠠ ᠴᠢᠮᠡᠭᠡ ᠬᠤᠯᠪᠣᠭ᠎ᠠ ᠶᠢ ᠰᠠᠭᠠᠳ ᠦᠭᠡᠶ ᠨᠡᠪᠲᠡᠷᠡᠭᠦᠯᠬᠦ ᠵᠡᠷᠭᠡ ᠱᠠᠭᠠᠷᠳᠠᠯᠭ᠎ᠠ ᠶᠢ ᠬᠠᠩᠭᠠᠨ᠎ᠠ᠃     ᠲᠡᠭᠡᠪᠡᠯ ᠣᠷᠣᠨ ᠰᠠᠭᠤᠴᠠ ᠶᠢᠨ ᠴᠠᠬᠢᠯᠭᠠᠨ ᠱᠠᠲᠤ ᠶᠠᠮᠠᠷ ᠨᠥᠬᠦᠴᠡᠯ ᠳᠤ ᠬᠦᠷᠦᠭᠰᠡᠨ ᠪᠣᠯ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠵᠦ ᠪᠣᠯᠬᠤ ᠪᠣᠢ︖ ᠡᠩ ᠲᠡᠷᠢᠭᠦᠨ ᠳᠤ ᠡᠷᠬᠡᠪᠰᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠰᠠᠷ ᠲᠤ ᠨᠢᠭᠡᠨᠲᠡ ᠬᠡᠷᠡᠭᠯᠡᠵᠦ ᠳᠠᠩᠰᠠᠯᠠᠭᠰᠠᠨ ᠴᠠᠬᠢᠯᠭᠠᠨ ᠱᠠᠲᠤ ᠪᠠᠶᠢᠬᠤ ᠬᠡᠷᠡᠭᠲᠡᠢ᠃ ᠳᠠᠷᠠᠭ᠎ᠠ ᠨᠢ ᠬᠡᠷᠡᠭᠯᠡᠬᠦ ᠵᠢᠯ ᠬᠤᠭᠤᠴᠠᠭ᠎ᠠ ᠨᠢ ᠣᠷᠳᠣ ︵ᠲᠤᠰᠢᠶᠠᠨ ᠥᠭᠭᠦᠭᠰᠡᠨ ᠵᠢᠯ ᠬᠤᠭᠤᠴᠠᠭ᠎ᠠ ᠨᠢ 15 ᠵᠢᠯ᠂ ᠢᠯᠠᠩᠭᠤᠶ᠎ᠠ 20 ᠵᠢᠯ ᠠᠴᠠ ᠳᠡᠭᠡᠭᠰᠢ ᠪᠠᠶᠢᠬᠤ ᠶᠢ ᠤᠷᠢᠳᠠᠪᠠᠷ ᠪᠣᠳᠣᠯᠬᠢᠯᠠᠭᠰᠠᠨ ᠪᠠᠶᠢᠨ᠎ᠠ︶᠂ ᠡᠰᠡᠬᠦᠯ᠎ᠡ ᠠᠵᠢᠯᠯᠠᠭᠠᠨ ᠤ ᠰᠠᠭᠠᠳ ᠶᠡᠬᠡᠲᠡᠶ᠂ ᠠᠮᠤᠷ ᠲᠦᠪᠰᠢᠨ ᠤ ᠳᠠᠯᠳᠠ ᠬᠡᠮ ᠲᠣᠪᠤᠶᠢᠮ᠎ᠠ᠂ ᠣᠯᠠᠨ ᠲᠦᠮᠡᠨ ᠤ ᠰᠢᠨᠡᠳᠬᠡᠨ ᠥᠭᠡᠷᠡᠴᠢᠯᠡᠬᠦ ᠬᠦᠰᠡᠯ ᠡᠷᠡᠮᠡᠯᠵᠡᠯ ᠴᠢᠩᠭ᠎ᠠ ᠪᠠᠶᠢᠨ᠎ᠠ᠃ ᠭᠤᠷᠪᠠ ᠳᠤ᠂ ᠡᠷᠬᠡᠪᠰᠢ ᠬᠠᠮᠢᠶ᠎ᠠ ᠪᠥᠬᠦᠶ ᠥᠮᠴᠢᠲᠡᠨ ᠪᠤᠶᠤ ᠨᠠᠶᠢᠳᠠᠯᠭ᠎ᠠ ᠬᠦᠯᠢᠶᠡᠭᠴᠢ ᠶᠢᠨ ᠨᠠᠶᠢᠳᠠᠯᠭ᠎ᠠ ᠪᠠᠷ ᠴᠠᠬᠢᠯᠭᠠᠨ ᠱᠠᠲᠤ ᠶᠢ ᠬᠢᠨᠠᠨ ᠪᠠᠶᠢᠴᠠᠭᠠᠵᠤ ᠰᠢᠯᠭᠠᠨ ᠪᠠᠶᠢᠴᠠᠭᠠᠬᠤ ᠬᠢᠷᠢ ᠬᠡᠮ ᠪᠤᠶᠤ ᠬᠡᠯᠪᠡᠷᠢ ᠶᠢᠨ ᠲᠤᠷᠰᠢᠯᠲᠠ ᠶᠢᠨ ᠬᠢᠷᠢ ᠬᠡᠮ ᠲᠠᠢ ᠪᠠᠶᠢᠭᠤᠯᠤᠮᠵᠢ ᠶᠢᠨ ᠠᠮᠤᠷ ᠲᠦᠪᠰᠢᠨ ᠤ ᠦᠨᠡᠯᠡᠨ ᠵᠢᠱᠢᠯᠲᠡ᠂ ᠴᠡᠭᠴᠡᠯᠡᠨ ᠥᠭᠡᠷᠡᠴᠢᠯᠡᠬᠦ ᠲᠣᠳᠣᠷᠬᠠᠶ ᠰᠠᠨᠠᠭᠤᠯᠭ᠎ᠠ ᠭᠠᠷᠭᠠᠬᠤ ᠬᠡᠷᠡᠭᠲᠡᠶ᠃      ᠪᠤᠭᠤᠲᠤ ᠬᠤᠲᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ ᠪᠣᠶ︖ ᠵᠠᠰᠠᠭ ᠤᠨ ᠣᠷᠳᠣᠨ ᠤ ᠪᠠᠯᠠ ᠮᠥᠩᠭᠦ ᠶᠢ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠵᠠᠷᠴᠢᠮ ᠶᠣᠰᠣᠭᠠᠷ᠂ 2024 ᠣᠨ ᠠᠴᠠ 2027 ᠤᠨ ᠪᠣᠯᠲᠠᠯ᠎ᠠ᠂ ᠨᠥᠬᠦᠴᠡᠯ ᠳᠤ ᠨᠡᠶᠢᠴᠡᠬᠦ ᠴᠠᠬᠢᠯᠭᠠᠨ ᠱᠠᠲᠤ ᠳᠤ ᠤᠯᠤᠰ ᠤᠨ ᠵᠢᠭᠡᠯᠡᠯᠭᠡ ᠶᠢᠨ ᠨᠥᠬᠦᠪᠥᠷᠢ ᠣᠯᠭᠤᠨ᠎ᠠ᠃ ᠬᠠᠮᠢᠶ᠎ᠠ ᠪᠦᠬᠦᠢ ᠢᠵᠢ ᠪᠦᠷᠢᠳᠦᠭᠦᠯᠬᠦ ᠳᠡᠮᠵᠢᠯᠭᠡ ᠶᠢ ᠲᠡᠭᠦᠯᠳᠡᠷᠵᠢᠭᠦᠯᠵᠦ᠂ ᠤᠯᠤᠰ ᠤᠨ ᠵᠢᠭᠡᠯᠡᠯᠭᠡ ᠶᠢ ᠭᠤᠶᠤᠴᠢᠯᠠᠬᠤ᠂ ᠭᠡᠷ ᠪᠠᠶᠢᠰᠢᠩ ᠢ ᠬᠡᠷᠡᠭᠯᠡᠬᠦ ᠲᠤᠰᠬᠠᠶ ᠰᠡᠯᠪᠢᠨ ᠵᠠᠰᠠᠬᠤ ᠪᠡᠯᠡ ᠮᠥᠩᠭᠦ ᠵᠡᠷᠭᠡ ᠪᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠵᠤ ᠪᠣᠯᠬᠤ ᠪᠥᠭᠡᠳ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠵᠢᠭᠡᠯᠡᠯᠭᠡ ᠶᠢ ᠮᠡᠳᠡᠭᠦᠯᠵᠦ᠂ ᠵᠣᠯᠭᠠᠭᠤᠯᠬᠤ ᠲᠠᠪᠴᠠᠩ ᠢ ᠪᠠᠶᠢᠭᠤᠯᠤᠨ ᠥᠮᠴᠢᠲᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠭᠦᠨ ᠠᠴᠠ ᠭᠠᠳᠠᠨ᠎ᠠ᠂ ᠴᠠᠬᠢᠯᠭᠠᠨ ᠱᠠᠲᠤ ᠥᠢᠯᠡᠳᠬᠦ ᠠᠵᠤ ᠠᠬᠤᠶᠢᠯᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠨᠢᠭᠡ ᠴᠣᠭᠴᠠᠵᠢᠭᠤᠯᠤᠨ ᠬᠤᠳᠠᠯᠳᠤᠨ ᠠᠪᠬᠤ ᠵᠠᠭᠪᠤᠷ ᠢ ᠬᠡᠷᠡᠭᠵᠢᠭᠦᠯᠵᠦ ᠂ ᠰᠢᠨ᠎ᠡ ᠪᠠᠷ ᠬᠤᠳᠠᠯᠳᠤᠭᠰᠠᠨ ᠤ ᠳᠠᠷᠠᠭᠠᠬᠢ ᠵᠠᠭᠪᠤᠷ ᠢ ᠬᠠᠶᠢᠨ ᠰᠦᠪᠡᠭᠴᠢᠯᠡᠨ᠎ᠡ᠃     ᠴᠠᠬᠢᠯᠭᠠᠨ ᠱᠠᠲᠤ ᠰᠢᠨᠡᠳᠬᠡᠨ ᠵᠠᠰᠠᠬᠤ ᠶᠢ ᠬᠡᠷᠡᠭᠵᠢᠭᠦᠯᠦᠭᠰᠡᠨ ᠪᠥᠭᠡᠳ ᠳᠠᠩ ᠲᠠᠪᠴᠠᠩ ᠤᠨ ᠪᠡᠯᠡ ᠣᠷᠣᠭᠤᠯᠤᠯᠲᠠ ᠶᠢᠨ ᠲᠤᠭ᠎ᠠ ᠨᠢ 15 ᠲᠦᠮᠡᠨ ᠲᠥᠭᠦᠷᠢᠭ ᠠᠴᠠ ᠶᠡᠭᠡ ᠪᠠᠶᠢᠪᠠᠯ᠂ ᠰᠠᠭᠤᠷᠢ ᠪᠦᠷᠢ ᠳᠤ 15 ᠲᠦᠮᠡᠨ ᠲᠥᠭᠦᠷᠢᠭ ᠤᠨ ᠢᠨᠵᠧᠨᠧᠷᠢᠩ ᠤᠨ ᠵᠠᠷᠤᠳᠠᠯ ᠤᠨ ᠲᠤᠰᠠᠯᠠᠮᠵᠢ ᠣᠯᠭᠤᠨ᠎ᠠ᠃ ᠴᠠᠬᠢᠯᠭᠠᠨ ᠱᠠᠲᠤ ᠶᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠦᠭᠰᠡᠨ ᠮᠥᠷᠲᠡᠭᠡᠨ ᠳᠠᠩ ᠲᠠᠪᠴᠠᠩ ᠤᠨ ᠪᠡᠯᠡ ᠣᠷᠣᠭᠤᠯᠤᠯᠲᠠ ᠶᠢᠨ ᠲᠤᠭ᠎ᠠ ᠨᠢ 5 ᠲᠦᠮᠡᠨ ᠲᠥᠭᠦᠷᠢᠭ ᠠᠴᠠ ᠶᠡᠭᠡ ᠪᠠᠶᠢᠪᠠᠯ᠂ ᠰᠠᠭᠤᠷᠢ ᠪᠦᠷᠢ ᠳᠤ 5 ᠲᠦᠮᠡᠨ ᠲᠥᠭᠦᠷᠢᠭ ᠤᠨ ᠢᠨᠵᠧᠨᠧᠷᠢᠩ ᠤᠨ ᠵᠠᠷᠤᠳᠠᠯ ᠤᠨ ᠲᠤᠰᠠᠯᠠᠮᠵᠢ ᠣᠯᠭᠤᠨ᠎ᠠ᠃      ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠲᠤ ᠮᠡᠳᠡᠭᠦᠯᠬᠦ ᠶᠢ ᠬᠠᠷᠢᠭᠤᠴᠠᠨ᠎ᠠ᠃ ᠭᠡᠷ ᠪᠠᠶᠢᠰᠢᠩ ᠢ ᠲᠤᠰᠬᠠᠶ ᠰᠡᠯᠪᠢᠨ ᠵᠠᠰᠠᠬᠤ ᠪᠠᠯᠠ ᠮᠥᠩᠭᠦ ᠶᠢ ᠥᠮᠴᠢᠲᠡᠨ ᠠᠴᠠ ᠴᠠᠬᠢᠯᠭᠠᠨ ᠱᠠᠲᠤ ᠶᠢᠨ ᠲᠥᠷᠥᠯ ᠵᠦᠢᠯ ᠤᠨ ᠪᠠᠶᠢᠭ᠎ᠠ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠲᠦᠷᠦᠭᠦᠯᠡᠭᠦᠯᠦᠨ᠂ ᠵᠢᠵᠢᠭ ᠲᠣᠭᠤᠷᠢᠭ ᠤᠨ ᠥᠮᠴᠢᠲᠡᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠰᠡᠯᠪᠢᠨ ᠵᠠᠰᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠵᠤ ᠪᠣᠯᠤᠨ᠎ᠠ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1