ᠬᠤᠲᠠ ᠶᠢᠨ ᠬᠥᠭᠵᠢᠯᠲᠡ ᠶᠢᠨ ᠳᠠᠪᠠᠯᠭᠠᠨ ᠳᠤᠮᠳᠠ᠂ ᠵᠠᠷᠢᠮ ᠭᠠᠵᠠᠷ ᠨᠢ ᠥᠩᠭᠡᠷᠡᠭᠰᠡᠨ ᠤ ᠳᠤᠷᠠᠰᠤᠮᠵᠢ ᠶᠢ | ᠠᠴᠢᠶᠠᠯᠠᠵᠤ᠂ ᠲᠡᠦᠬᠡ ᠪᠠ ᠣᠳᠣ ᠶᠢᠨ ᠬᠥᠭᠦᠷᠭᠡ ᠶᠢ ᠬᠤᠯᠪᠣᠵᠤ ᠪᠠᠶᠢᠨ᠎ᠠ᠃ ᠪᠤᠭᠤᠲᠤ ᠶᠢᠨ ᠡᠨᠡ ᠦᠯᠢᠭᠡᠷ ᠢᠶᠠᠷ | ᠪᠢᠯᠬᠠᠭᠰᠠᠨ ᠬᠤᠲᠠ ᠳᠤ᠂ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠨᠢ | ᠡᠶᠢᠮᠦ ᠨᠢᠭᠡᠨ ᠥᠪᠡᠷᠮᠢᠴᠡ ᠣᠨᠴᠠᠯᠢᠭ ᠢᠶᠠᠷ ᠣᠷᠣᠰᠢᠵᠤ ᠪᠠᠶᠢᠨ᠎ᠠ᠃ | ᠣᠷᠣᠨ ᠵᠠᠢ ᠶᠢ ᠲᠤᠭᠤᠯᠵᠤ ᠪᠤᠭᠤᠲᠤ ᠶᠢᠨ ᠦᠯᠢᠭᠡᠷ ᠢ ᠡᠷᠢᠬᠦ | ᠡᠷᠲᠡᠨ ᠤ ᠮᠠᠶ᠋ᠢᠭ ᠤᠨ ᠬᠥᠬᠡ ᠴᠢᠯᠠᠭᠤᠨ ᠬᠠᠪᠲᠠᠰᠤᠨ ᠵᠠᠮ ᠢᠶᠠᠷ ᠠᠶᠠᠯᠠᠬᠤ ᠳᠤ ᠶᠠᠭ ᠴᠠᠭ ᠬᠤᠭᠤᠴᠠᠭ᠎ᠠ ᠪᠠ ᠣᠷᠣᠨ | ᠵᠠᠢ ᠶᠢᠨ ᠨᠦᠬᠡᠨ ᠵᠠᠮ ᠢ ᠲᠤᠭᠤᠯᠤᠭᠰᠠᠨ ᠰᠢᠭ᠂ ᠲᠡᠷᠡᠬᠦ ᠳᠣᠮᠤᠭ ᠦᠯᠢᠭᠡᠷ ᠲᠠᠢ ᠰᠠᠶᠢᠬᠠᠨ ᠴᠠᠭ ᠦᠶ᠎ᠡ ᠳᠤ ᠪᠤᠴᠠᠨ | ᠢᠷᠡᠭᠰᠡᠨ ᠰᠢᠭ ᠪᠠᠶᠢᠪᠠ᠃ ᠬᠥᠯ ᠳᠣᠣᠷᠠᠬᠢ ᠴᠢᠯᠠᠭᠤᠨ ᠬᠠᠪᠲᠠᠰᠤᠨ ᠵᠠᠮ ᠪᠦᠷᠢ ᠨᠢ ᠴᠠᠭ ᠦᠶ᠎ᠡ ᠶᠢᠨ ᠤᠯᠠ ᠮᠥᠷ ᠢ | ᠰᠡᠶᠢᠯᠵᠦ᠂ ᠬᠤᠶᠠᠷ ᠲᠠᠯ᠎ᠠ ᠪᠠᠷ ᠨᠢ ᠰᠠᠯᠬᠢ ᠪᠣᠷᠣᠭᠠᠨ ᠳᠤ ᠢᠳᠡᠭᠳᠡᠭᠰᠡᠨ ᠲᠣᠭᠤᠰᠬᠠᠨ ᠬᠡᠷᠡᠮ ᠨᠢ ᠬᠠᠭᠤᠴᠢᠨ ᠪᠤᠭᠤᠲᠤ ᠶᠢᠨ | ᠡᠷᠲᠡ ᠡᠳᠦᠭᠡ ᠶᠢᠨ ᠪᠠᠶᠢᠳᠠᠯ ᠢ ᠶᠠᠷᠢᠵᠤ ᠪᠠᠶᠢᠨ᠎ᠠ᠃ | | ᠪᠤᠭᠤᠲᠤ ᠶᠢᠨ ᠤᠤᠯ ᠤᠨ ᠴᠡᠭ ᠤᠨ ᠠᠭᠤᠳᠠᠮ ᠲᠠᠯᠠᠪᠠᠢ ᠪᠣᠯ ᠪᠦᠬᠦ᠋ᠢᠯᠡ ᠬᠠᠭᠤᠴᠢᠨ ᠪᠤᠭᠤᠲᠤ ᠶᠢᠨ ᠲᠡᠦᠬᠡ ᠶᠢᠨ | ᠡᠬᠢ ᠴᠡᠭ ᠪᠣᠯᠤᠨ᠎ᠠ᠃ ᠠᠭᠤᠳᠠᠮ ᠲᠠᠯᠠᠪᠠᠢ ᠳᠤ ᠵᠣᠭᠰᠣᠬᠤ ᠳᠤ᠂ ᠲᠤᠬᠠᠢ ᠶᠢᠨ ᠵᠢᠯ ᠳᠤ ᠪᠠᠷᠠᠭᠤᠨᠰᠢ ᠨᠡᠭᠦᠳᠡᠯᠯᠡᠬᠦ ᠪᠠᠷ | ᠶᠠᠪᠤᠵᠤ ᠪᠠᠶᠢᠭᠰᠠᠨ ᠠᠬᠠᠮᠠᠳ ᠦᠶ᠎ᠡ ᠶᠢᠨ ᠬᠢᠨ ᠨᠤᠲᠤᠭ ᠠᠴᠠ ᠪᠠᠨ ᠰᠠᠯᠵᠤ᠂ ᠬᠦᠴᠢᠷ ᠪᠡᠷᠬᠡᠰᠢᠶᠡᠯ ᠲᠠᠢ ᠤᠷᠤᠭᠰᠢᠯᠠᠭᠰᠠᠨ | ᠪᠠᠷ᠎ᠠ ᠰᠡᠭᠦᠳᠡᠷ ᠰᠢᠭ ᠬᠠᠷᠠᠭᠳᠠᠳᠠᠭ᠃ ᠠᠳᠡ ᠪᠠᠷᠠᠭᠤᠨᠰᠢ ᠨᠡᠭᠦᠳᠡᠯᠯᠡᠬᠦ ᠪᠠᠷ ᠶᠠᠪᠤᠬᠤ ᠭᠤᠷᠪᠠᠨ ᠭᠤᠣᠯ ᠵᠠᠮ ᠱᠤᠭᠤᠮ ᠢ | ᠲᠣᠳᠣᠷᠬᠠᠢ ᠣᠯᠵᠤ ᠴᠢᠳᠠᠨ᠎ᠠ᠂ ᠬᠤᠶᠢᠲᠤ ᠡᠭᠦᠳᠡ ᠶᠢᠨ ᠠᠰᠠᠷ ᠤᠨ ᠦᠵᠡᠭᠦᠯᠦᠯᠭᠡ ᠶᠢᠨ ᠬᠠᠪᠲᠠᠰᠤ ᠶᠠᠭ ᠯᠠ ᠨᠢᠭᠡ ᠳᠠᠭᠤ | ᠦᠭᠡᠢ ᠶᠠᠷᠢᠭᠴᠢ ᠮᠡᠲᠦ᠂ ᠠᠳᠡ ᠪᠠᠷᠠᠭᠤᠨ ᠪᠣᠭᠤᠮᠲᠠ ᠳᠡᠭᠡᠷᠡᠬᠢ ᠡᠷᠲᠡ ᠦᠶ᠎ᠡ ᠶᠢᠨ ᠬᠠᠮᠤᠭ ᠡᠷᠲᠡᠨ ᠤ ᠲᠤᠰᠤᠯᠲᠠ ᠶᠢᠨ | ᠴᠡᠭ ᠪᠣᠯᠬᠤ ᠲᠡᠦᠬᠡ ᠶᠢ ᠨᠠᠷᠢᠨ ᠲᠠᠨᠢᠯᠴᠠᠭᠤᠯᠵᠠᠢ᠂ ᠠᠳᠡ ᠪᠠᠰᠠ ᠪᠤᠭᠤᠲᠤ ᠶᠢᠨ ᠮᠣᠩᠭᠤᠯ ᠦᠨᠳᠦᠰᠦᠲᠡᠨ ᠤ ᠬᠠᠮᠤᠭ | ᠡᠷᠲᠡᠨ ᠤ ᠣᠷᠣᠰᠢᠨ ᠰᠠᠭᠤᠬᠤ ᠴᠡᠭ ᠪᠣᠯᠤᠨ᠎ᠠ᠃ ᠡᠭᠦᠨ ᠢᠶᠠᠷ ᠪᠠᠷᠠᠬᠤ ᠦᠭᠡᠢ᠂ ᠪᠤᠭᠤᠲᠤ ᠶᠢᠨ ᠬᠠᠮᠤᠭ ᠤᠨ ᠡᠷᠲᠡ | ᠴᠠᠭᠳᠠᠨ ᠪᠠᠶᠢᠴᠠᠭᠠᠬᠤ ᠶᠠᠮᠤᠨ᠂ ᠬᠠᠮᠤᠭ ᠤᠨ ᠡᠷᠲᠡ ᠬᠤᠳᠠᠯᠳᠤᠭᠠᠨ ᠤ ᠵᠡᠭᠡᠯᠢ᠂ ᠬᠠᠮᠤᠭ ᠤᠨ ᠡᠷᠲᠡ | ᠬᠤᠳᠠᠯᠳᠤᠭᠠᠴᠢᠳ ᠤᠨ ᠡᠪᠯᠡᠯ ᠵᠢᠴᠢ ᠬᠠᠮᠤᠭ ᠤᠨ ᠡᠷᠲᠡ ᠨᠢᠭᠡ ᠪᠦᠯᠦᠭ ᠰᠦᠮ᠎ᠡ ᠬᠡᠶᠢᠳ ᠴᠥᠮ ᠲᠠᠯᠠᠪᠠᠶ ᠶᠢᠨ ᠡᠷᠭᠢᠨ | ᠲᠣᠭᠤᠷᠢᠨ ᠳᠤ ᠪᠠᠶᠢᠳᠠᠭ᠃ ᠲᠡᠣᠭᠡ ᠶᠢᠨ ᠭᠦᠨ ᠵᠣᠵᠠᠭᠠᠨ ᠰᠠᠷᠠᠯ ᠢᠶᠠᠷ ᠲᠠᠮᠵᠢᠵᠤ᠂ ᠢᠮᠠᠬᠤ ᠭᠠᠵᠠᠷ ᠰᠢᠷᠣᠢ ᠨᠢ ᠴᠦᠮ | ᠡᠨᠠᠭᠦ ᠬᠤᠲᠠ ᠶᠢᠨ ᠡᠭᠦᠰᠦᠯ ᠪᠠ ᠬᠦᠭᠵᠢᠯᠲᠡ ᠶᠢ ᠲᠠᠭᠠᠭᠠᠵᠤ ᠪᠠᠶᠢᠭ᠎ᠠ ᠶᠣᠮ᠃ | | ᠵᠡᠭᠡᠯᠢ ᠲᠣᠭᠤᠷᠢᠭ ᠲᠠᠬᠢ ᠬᠦᠷᠢᠶ᠎ᠡ ᠬᠠᠰᠢᠶ᠎ᠠ ᠨᠢᠭᠡᠪᠦᠷᠢ ᠴᠥᠮ ᠥᠪᠡᠷᠮᠢᠴᠡ ᠣᠨᠴᠠᠯᠢᠭ ᠲᠠᠢ ᠪᠠᠶᠢᠵᠤ᠂ ᠶᠠᠭ ᠯᠠ | ᠨᠢᠭᠡᠨ ᠠᠮᠢᠳᠤᠯᠢᠭ ᠰᠠᠶᠢᠬᠠᠨ ᠲᠡᠦᠬᠡ ᠶᠢᠨ ᠵᠢᠷᠤᠭ ᠰᠢᠭ᠋ ᠰᠠᠨᠠᠭᠳᠠᠨ᠎ᠠ᠃ ᠨᠢᠭᠡᠳᠦᠭᠡᠷ ᠨᠣᠮᠧᠷᠲᠤ ᠬᠦᠷᠢᠶᠡᠨ ᠳᠠᠬᠢ ᠴᠠᠭᠠᠨ | ᠣᠪᠣᠭᠲᠣ ᠶᠢᠨ ᠶᠡᠭᠡ ᠬᠦᠷᠢᠶᠡᠨ ᠳᠤ ᠂ ᠡᠷᠲᠡᠨ ᠤ ᠥᠩᠭᠡ ᠦᠵᠡᠮᠵᠢ᠂ ᠡᠷᠲᠡᠨ ᠤ ᠦᠨᠦᠷ ᠠᠮᠲᠠ ᠠᠩᠬᠢᠯᠵᠤ᠂ ᠭᠦᠨ | ᠵᠤᠵᠠᠭᠠᠨ ᠤᠯᠠᠮᠵᠢᠯᠠᠯᠲᠤ ᠠᠭᠤᠷ ᠠᠮᠢᠰᠬᠤᠯ ᠬᠠᠩᠬᠤᠯᠵᠤ ᠪᠠᠶᠢᠯ᠎ᠠ᠃ 14 ᠳ᠋ᠦ᠋ᠭᠡᠷ ᠨᠣᠮᠧᠷᠲᠤ ᠬᠦᠷᠢᠶᠡᠨ ᠳᠠᠬᠢ | ᠤᠯᠠᠮᠵᠢᠯᠠᠯᠲᠤ ᠬᠠᠯᠠᠭᠤᠨ ᠲᠣᠭᠤᠭᠠᠨ ᠤ ᠭᠠᠵᠠᠷ ᠨᠢ ᠬᠦᠷ ᠬᠥᠭᠵᠢᠶᠡᠨ ᠢᠶᠠᠷ ᠪᠢᠯᠬᠠᠵᠤ᠂ ᠵᠤᠭᠠᠴᠠᠭᠰᠠᠳ ᠠᠮᠲᠠᠲᠤ | ᠢᠳᠡᠭᠡᠨ ᠤ ᠪᠠᠶᠠᠷ ᠪᠠᠶᠠᠰᠤᠯ ᠢ ᠡᠳ᠋ᠯᠡᠨ᠂ ᠪᠤᠭᠤᠳᠤ ᠶᠢᠨ ᠢᠳᠡᠭᠡᠨ ᠤᠮᠳᠠᠭᠠᠨ ᠤ ᠰᠤᠶᠤᠯ ᠢ ᠣᠶᠢᠯᠠᠭᠠᠵᠤ ᠪᠠᠶᠢᠯ᠎ᠠ᠃ 15 | ᠳ᠋ᠤᠭᠠᠷ ᠬᠦᠷᠢᠶᠡᠨ ᠤ ᠵᠢᠩᠨᠡᠭᠰᠡᠨ ᠢᠳᠡᠭᠡᠨ᠂ ᠠᠷᠢᠬᠢᠨ ᠮᠤᠬᠤᠯᠠᠭ᠂ ᠼᠤᠤ ᠶᠢᠨ ᠦᠢᠯᠡᠳᠭᠡᠯ᠂ ᠠᠮᠤ ᠪᠤᠳᠠᠭᠠᠨ ᠤ | ᠢᠰᠭᠡᠭᠰᠡᠨ ᠠᠩᠬᠢᠯᠤᠮ᠎ᠠ ᠦᠨᠦᠷ ᠬᠠᠩᠬᠤᠯᠵᠤ᠂ ᠬᠠᠭᠤᠴᠢᠨ ᠪᠤᠭᠤᠲᠤ ᠶᠢᠨ ᠤᠯᠠᠮᠵᠢᠯᠠᠯᠲᠤ ᠭᠠᠷ ᠤᠷᠠᠯᠠᠯ ᠢ ᠬᠠᠷᠠᠭᠤᠯᠵᠤ | ᠪᠠᠶᠢᠨ᠎ᠠ᠃ 16 ᠳ᠋ᠤᠭᠠᠷ ᠨᠣᠮᠧᠷᠲᠤ ᠬᠦᠷᠢᠶ᠎ᠡ ᠨᠡᠩ ᠴᠤ ᠬᠥᠷ ᠬᠥᠭᠵᠢᠶᠡᠨ ᠪᠠᠷ ᠪᠢᠯᠬᠠᠵᠤ᠂ ᠬᠤᠶᠠᠷ ᠬᠥᠮᠦᠨ ᠤ | ᠡᠯᠭᠦᠴᠡᠭᠡ ᠶᠢᠨ ᠢᠷᠠᠭᠤ ᠰᠠᠶᠢᠬᠠᠨ ᠠᠶᠠᠯᠭᠤ ᠨᠢ ᠴᠤᠤᠷᠢᠶᠠᠲᠤᠵᠤ᠂ ᠱᠠᠨ ᠰᠢ ᠶᠢᠨ ᠥᠪᠡᠷᠮᠢᠴᠡ ᠣᠨᠴᠠᠯᠢᠭ ᠲᠠᠢ | ᠨᠣᠭᠤᠭ᠎ᠠ ᠶᠢᠨ ᠠᠩᠬᠢᠯᠤᠮ᠎ᠠ ᠦᠨᠦᠷ ᠲᠠᠢ ᠠᠭᠤᠰᠤᠯᠴᠠᠵᠤ᠂ ᠬᠥᠮᠦᠰ ᠢ ᠭᠦᠨ ᠵᠤᠵᠠᠭᠠᠨ ᠰᠣᠶᠣᠯ ᠤᠨ ᠠᠭᠤᠷ | ᠠᠮᠢᠰᠬᠤᠯ ᠳᠤ ᠣᠷᠣᠭᠤᠯᠵᠠᠶ᠃ | ᠣᠯᠠᠨ ᠡᠰᠢᠴᠢᠯᠡᠭᠰᠡᠨ ᠬᠥᠭᠵᠢᠯᠲᠡ ᠵᠡᠭᠡᠯᠢ ᠭᠤᠳᠤᠮᠵᠢ ᠶᠢᠨ ᠰᠢᠨ᠎ᠡ ᠳᠦᠷᠰᠦ ᠪᠠᠶᠢᠳᠠᠯ ᠢ ᠪᠣᠶ ᠪᠣᠯᠭᠠᠪᠠ | ᠦᠰᠦ ᠪᠤᠭᠤᠷᠤᠯᠲᠤᠭᠰᠠᠨ ᠵᠠᠩ ᠸᠧᠨ ᠶᠦᠨ ᠨᠠᠰᠤᠲᠠᠨ ᠰᠡᠳᠬᠢᠯ ᠳᠣᠭᠳᠣᠯᠤᠨ ᠬᠡᠯᠡᠭᠰᠡᠨ ᠨᠢ᠄ ︽ᠮᠠᠨ ᠤ ᠭᠡᠷ | ᠤᠤᠯ ᠨᠢ ᠳᠠᠷᠤᠶ ᠡᠨᠡ ᠬᠡᠰᠡᠭ ᠭᠠᠵᠠᠷ ᠲᠤ ᠪᠠᠶᠢᠵᠤ᠂ ᠣᠳᠣ ᠶᠢᠨ ᠬᠤᠪᠢᠷᠠᠯᠲᠠ ᠶᠢ ᠣᠯᠵᠤ ᠬᠠᠷᠠᠬᠤ ᠨᠢ ᠮᠠᠰᠢ | ᠳᠣᠲᠣᠨᠣᠰᠤᠭ ᠪᠠᠶᠢᠨ᠎ᠠ᠃ ᠥᠩᠭᠡᠷᠡᠭᠰᠡᠨ ᠳᠤ ᠡᠳᠡᠭᠡᠷ ᠭᠡᠷ ᠨᠢ ᠡᠪᠳᠡᠷᠡᠵᠦ ᠬᠠᠭᠤᠴᠢᠷᠠᠭᠰᠠᠨ ᠪᠠᠶᠢᠵᠤ᠂ ᠣᠳᠣ ᠡᠶᠢᠮᠦ | ᠰᠠᠶᠢᠨ ᠵᠠᠰᠠᠵᠤ ᠴᠢᠳᠠᠨ᠎ᠠ ᠭᠡᠵᠦ ᠪᠣᠳᠣᠭᠰᠠᠨ ᠦᠭᠡᠢ᠂ ᠣᠯᠠᠨ ᠢᠶᠠᠷ ᠢᠶᠠᠨ ᠪᠥᠷ ᠢᠷᠡᠵᠦ ᠦᠵᠡᠪᠡᠯ ᠲᠠᠭᠠᠷᠠᠨ᠎ᠠ︾ ᠭᠡᠪᠡ᠃ | ᠨᠠᠰᠤᠲᠠᠨ ᠳᠤ ᠠᠪᠴᠤ ᠬᠡᠯᠡᠪᠡᠯ᠂ ᠠᠳᠡᠬᠢ ᠨᠢᠭᠡ ᠸᠠᠭᠠᠷ ᠲᠣᠭᠤᠰᠬ᠎ᠠ᠂ ᠨᠢᠭᠡ ᠮᠣᠳᠣ ᠡᠪᠡᠰᠦ ᠴᠥᠮ ᠲᠡᠳᠡᠨ ᠤ ᠪᠠᠭ᠎ᠠ | ᠨᠠᠰᠤᠨ ᠤ ᠡᠷᠭᠢᠴᠡᠭᠦᠯᠦᠯ ᠪᠠ ᠵᠠᠯᠠᠭᠤ ᠨᠠᠰᠤᠨ ᠤ ᠳᠤᠷᠠᠰᠤᠮᠵᠢ ᠶᠢ ᠠᠴᠢᠶᠠᠯᠠᠵᠤ ᠪᠠᠶᠢᠳᠠᠭ᠃ ᠲᠡᠳᠡᠭᠡᠷ ᠣᠨ ᠵᠢᠯ ᠤᠨ | ᠤᠷᠲᠤ ᠠᠶᠠᠨ ᠳᠤ ᠥᠩᠭᠡᠷᠡᠭᠰᠡᠨ ᠬᠠᠭᠤᠴᠢᠨ ᠴᠠᠭ ᠣᠢᠶ᠎ᠡ ᠨᠢ ᠲᠡᠥᠬᠡ ᠰᠣᠶᠣᠯ ᠤᠨ ᠵᠠᠭᠡᠯᠢ ᠲᠣᠭᠤᠷᠢᠭ ᠲᠤ ᠢᠯᠡᠷᠡᠬᠦ ᠶᠢ | ᠲᠠᠭᠠᠯᠲᠣᠠ ᠲᠠᠭᠢᠠ ᠡᠷᠭᠢᠴᠡᠭᠦᠯᠵᠦ᠂ ᠠᠳᠡ ᠮᠠᠷᠲᠠᠭᠳᠠᠭᠰᠠᠨ ᠲᠡᠳᠡᠭᠡᠷ ᠰᠠᠶᠢᠨ ᠰᠠᠶᠢᠬᠠᠨ ᠪᠠᠭ᠎ᠠ ᠶᠢᠨ ᠨᠠᠰᠤ ᠪᠠᠨ | ᠡᠷᠭᠢᠴᠡᠭᠦᠯᠵᠦ ᠪᠠᠶᠢᠯ᠎ᠠ᠃ | | ᠵᠠᠯᠠᠭᠤ ᠬᠥᠮᠦᠰ ᠲᠤ ᠠᠪᠴᠤ ᠬᠡᠯᠡᠪᠡᠯ᠂ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ | ᠵᠡᠭᠡᠯᠢ ᠪᠠᠷ ᠶᠠᠪᠤᠬᠤ ᠳᠤ ᠰᠣᠨᠢᠨ ᠮᠥᠷᠲᠡᠭᠡᠨ ᠬᠠᠶᠢᠨ ᠰᠦᠪᠡᠭᠴᠢᠯᠡᠯ ᠢᠶᠠᠷ ᠳᠦᠭᠦᠷᠦᠭᠰᠡᠨ ᠭᠠᠵᠠᠷ ᠪᠣᠯᠤᠨ᠎ᠠ᠃ ᠲᠡᠳᠡ | ᠡᠷᠲᠡᠨ ᠤ ᠵᠡᠭᠡᠯᠢ ᠭᠤᠳᠤᠮᠵᠢ ᠪᠠᠷ ᠰᠦᠯᠵᠢᠯᠳᠦᠨ᠂ ᠬᠠᠭᠤᠴᠢᠨ ᠪᠤᠭᠤᠲᠤ ᠶᠢᠨ ᠭᠦᠨ ᠵᠤᠵᠠᠭᠠᠨ ᠲᠡᠦᠬᠡ ᠶᠢ ᠮᠡᠳᠡᠷᠡᠵᠦ᠂ | ᠡᠭᠦᠨ ᠤ ᠬᠠᠮᠲᠤ ᠤᠳᠤ ᠦᠶ᠎ᠡ ᠶᠢᠨ ᠠᠮᠢᠳᠤᠷᠠᠯ ᠲᠠᠢ ᠬᠠᠷᠢᠴᠠᠭᠤᠯᠤᠨ ᠬᠠᠶᠢᠵᠤ ᠪᠠᠶᠢᠯ᠎ᠠ᠃ ᠵᠡᠭᠦᠨ ᠡᠭᠦᠳᠡᠨ ᠤ ᠠᠰᠠᠷ ᠤᠨ | ᠺᠣᠹᠧ ᠶᠢᠨ ᠳᠡᠯᠭᠡᠭᠦᠷ ᠲᠤ᠂ ᠬᠡᠳᠦᠨ ᠵᠠᠯᠠᠭᠤ ᠵᠤᠭᠠᠴᠠᠭᠰᠠᠳ ᠴᠣᠩᠬᠤᠨ ᠤ ᠬᠠᠵᠠᠭᠤ ᠳᠤ ᠰᠠᠭᠤᠭᠠᠳ ᠺᠣᠹᠧ ᠶᠢ ᠠᠮᠲᠠᠯᠠᠵᠤ | ᠂ ᠴᠣᠩᠬᠤᠨ ᠤ ᠭᠠᠳᠠᠨᠠᠬᠢ ᠦᠵᠡᠮᠵᠢ ᠶᠢ ᠰᠣᠨᠢᠷᠬᠠᠵᠤ ᠪᠠᠶᠢᠯ᠎ᠠ᠃ ᠡᠭᠦᠨ ᠤ ᠳᠣᠲᠣᠷᠠᠬᠢ ᠨᠢᠭᠡ ᠵᠠᠯᠠᠭᠤ᠄ ︽ᠠᠳᠡ | ᠬᠠᠭᠤᠴᠢᠨ ᠪᠤᠭᠤᠲᠤ ᠶᠢᠨ ᠲᠡᠦᠬᠡ ᠶᠢᠨ ᠬᠥᠭ ᠠᠶᠠᠰ ᠢ ᠮᠡᠳᠡᠷᠡᠵᠦ ᠴᠢᠳᠠᠬᠤ ᠮᠥᠷᠲᠡᠭᠡᠨ ᠪᠠᠰᠠ ᠤᠳᠤ ᠦᠶ᠎ᠡ ᠶᠢᠨ | ᠠᠮᠢᠳᠤᠷᠠᠯ ᠤᠨ ᠠᠶᠠᠨ ᠢᠶᠠᠨ ᠡᠳ᠋ᠯᠡᠵᠦ ᠴᠢᠳᠠᠨ᠎ᠠ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ ᠺᠣᠹᠧ ᠶᠢᠨ | ᠳᠡᠯᠭᠡᠭᠦᠷ ᠤᠨ ᠡᠵᠡᠨ ᠭᠥᠸᠧ ᠰᠢᠦᠢ ᠲᠠᠨᠢᠯᠴᠠᠭᠤᠯᠬᠤ ᠳᠠᠭᠠᠨ᠄ ︽ᠪᠢᠳᠡ ᠺᠣᠹᠧ ᠶᠢᠨ ᠳᠡᠯᠭᠡᠭᠦᠷ ᠤᠨ ᠨᠡᠷ᠎ᠡ ᠶᠢ | ᠳᠤᠷᠠᠳᠤᠭᠰᠠᠨ ᠨᠢ ᠬᠦᠮᠦᠰ ᠠᠳᠡ ᠬᠠᠭᠤᠴᠢᠨ ᠪᠤᠭᠤᠲᠤ ᠶᠢᠨ ᠬᠢᠨ ᠤ ᠲᠡᠦᠬᠡᠨ ᠦᠵᠡᠮᠵᠢ ᠪᠠᠶᠢᠳᠠᠯ ᠢ ᠬᠠᠷᠠᠭᠤᠯᠬᠤ ᠪᠠᠷ | ᠪᠠᠷᠠᠬᠤ ᠦᠭᠡᠢ ᠪᠠᠰᠠ ᠠᠳᠡ ᠺᠣᠹᠧ ᠤᠤᠭᠤᠵᠤ ᠠᠮᠠᠷᠠᠨ᠎ᠠ᠃ ᠢᠷᠡᠭᠡᠳᠦᠢ ᠳᠤ ᠪᠢᠳᠡ ᠪᠠᠰᠠ ᠵᠠᠷᠢᠮ ᠰᠢᠨ᠎ᠡ ᠲᠥᠷᠥᠯ | ᠵᠦᠢᠯ ᠢ ᠨᠡᠭᠡᠭᠡᠨ ᠠᠰᠢᠭᠯᠠᠬᠤ ᠪᠠᠷ ᠪᠡᠯᠡᠳᠬᠡᠵᠦ ᠪᠠᠶᠢᠨ᠎ᠠ᠂ ᠵᠢᠱᠢᠶᠡᠯᠡᠪᠡᠯ ᠴᠠᠢ ᠪᠠ ᠺᠣᠹᠧ ᠶᠢ ᠤᠶᠠᠯᠳᠤᠭᠤᠯᠵᠤ᠂ ᠵᠣᠴᠢᠳ ᠢ | ᠨᠠᠩ ᠣᠯᠠᠨ ᠰᠣᠩᠭᠤᠯᠲᠠ ᠬᠢᠯᠭᠡᠬᠦ ᠪᠣᠯᠣᠨ᠎ᠠ᠃ | ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠲᠥᠷᠥᠯ | ᠵᠦᠢᠯ ᠤᠨ ᠬᠠᠷᠢᠭᠤᠴᠠᠯᠭᠠᠲᠠᠨ ᠸᠠᠩ ᠫᠧᠩ ᠶᠠᠷᠢᠬᠤ ᠳᠠᠭᠠᠨ᠂ ᠲᠥᠷᠥᠯ ᠵᠦᠢᠯ ᠤᠨ ᠠᠩᠬᠠᠨ ᠤ ᠬᠦᠰᠡᠯ ᠪᠣᠯ ᠳᠠᠷᠤᠢ | ᠬᠠᠭᠤᠴᠢᠨ ᠪᠤᠭᠤᠲᠤ ᠶᠢᠨ ᠲᠣᠷᠠᠰᠣᠮᠵᠢ ᠪᠠ ᠣᠳᠣ ᠦᠶ᠎ᠡ ᠶᠢᠨ ᠵᠠᠯᠠᠭᠤᠴᠤᠳ ᠤᠨ ᠠᠮᠢᠳᠤᠷᠠᠯ ᠤᠨ ᠠᠷᠭ᠎ᠠ ᠮᠠᠶ᠋ᠢᠭ ᠢ | ᠤᠶᠠᠯᠳᠤᠭᠤᠯᠵᠤ᠂ ᠬᠠᠭᠤᠴᠢᠨ ᠪᠤᠭᠤᠲᠤ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠠᠪᠤᠳᠠᠯ ᠪᠣᠯᠤᠨ᠎ᠠ᠃ | ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠠᠪᠤᠴᠠ ᠳᠤ᠂ ᠪᠦᠯᠬᠦᠮ ᠨᠡᠶᠢᠲᠡ ᠨᠢ ᠲᠡᠦᠬᠡ ᠶᠢ ᠭᠦᠢᠴᠡᠳ ᠬᠦᠨᠳᠦᠳᠬᠡᠵᠦ᠂ | ᠤᠤᠯ ᠤᠨ ᠪᠠᠷᠢᠯᠭ᠎ᠠ ᠶᠢᠨ ᠬᠡᠪ ᠨᠠᠮᠪᠠ ᠪᠠ ᠰᠣᠶᠣᠯ ᠤᠨ ᠡᠯᠧᠮᠧᠨ᠋ᠲ ᠢ ᠦᠯᠡᠳᠡᠭᠡᠬᠦ ᠶᠢᠨ ᠬᠠᠮᠲᠤ ᠪᠠᠰᠠ ᠣᠳᠣ ᠦᠶ᠎ᠡ ᠶᠢᠨ | ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠠ ᠬᠤᠳᠠᠯᠳᠤᠭᠠᠨ ᠤ ᠡᠯᠧᠮᠧᠨ᠋ᠲ ᠢ ᠠᠭᠤᠰᠬᠠᠵᠤ᠂ ᠲᠡᠤᠬᠡ ᠶᠢᠨ | ᠠᠭᠤᠯᠬᠤᠨ ᠲᠠᠢ ᠮᠥᠷᠲᠡᠭᠡᠨ ᠣᠳᠣ ᠦᠶ᠎ᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠣᠶᠣᠯ ᠤᠨ ᠵᠡᠭᠡᠯᠢ ᠲᠣᠭᠤᠷᠢᠭ ᠢ | ᠪᠠᠶᠢᠭᠤᠯᠪᠠ᠃ ᠣᠳᠣᠬᠠᠨ ᠳᠤ᠂ ᠠᠳᠡ ᠨᠢᠭᠡᠨᠲᠡ ᠪᠤᠭᠤᠲᠤ ᠬᠤᠲᠠ ᠶᠢᠨ ᠠᠷᠠᠳ ᠤᠨ ᠵᠤᠭ᠎ᠠ ᠴᠡᠩᠭᠡᠯ ᠤᠨ ᠭᠠᠵᠠᠷ | ᠪᠣᠯᠤᠭᠰᠠᠨ ᠪᠥᠭᠡᠳ ᠪᠠᠰᠠ ᠮᠠᠰᠢ ᠣᠯᠠᠨ ᠭᠠᠳᠠᠷ ᠣᠷᠣᠨ ᠤ ᠵᠤᠭᠠᠴᠠᠭᠰᠠᠳ ᠢ ᠲᠠᠲᠠᠵᠤ ᠪᠠᠶᠢᠨ᠎ᠠ᠃ | | ᠨᠠᠷᠠ ᠵᠢᠷᠭᠠᠬᠤ ᠶᠢᠨ ᠦᠶ᠎ᠡ ᠪᠠᠷ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ | ᠲᠣᠭᠤᠷᠢᠭ ᠢᠶᠠᠷ ᠶᠠᠪᠤᠬᠤ ᠳᠤ ᠵᠠᠮ ᠤᠨ ᠳ᠋ᠧᠩ ᠪᠣᠯᠤᠨ ᠳᠡᠯᠭᠡᠭᠦᠷ ᠤᠨ ᠳ᠋ᠧᠩ ᠤᠨ ᠭᠡᠷᠡᠯ ᠳᠡᠰ ᠳᠠᠷᠠᠭᠠᠯᠠᠨ ᠭᠡᠷᠡᠯᠲᠦᠵᠦ᠂ | ᠡᠷᠲᠡᠨ ᠤ ᠵᠡᠭᠡᠯᠢ ᠶᠢᠨ ᠲᠥᠯᠥᠪ ᠪᠠᠶᠢᠳᠠᠯ ᠢ ᠢᠯᠡᠷᠡᠭᠦᠯᠵᠦ᠂ ᠬᠥᠮᠦᠰ ᠠᠳᠡ ᠰᠡᠯᠡᠭᠦᠴᠡᠨ ᠠᠯᠬᠤᠵᠤ᠂ ᠵᠤᠭᠠᠴᠠᠭᠰᠠᠳ | ᠠᠮᠲᠠᠲᠤ ᠢᠳᠡᠭᠡᠨ ᠢ ᠠᠮᠲᠠᠯᠠᠵᠤ᠂ ᠰᠠᠶᠢᠨ ᠰᠠᠶᠢᠬᠠᠨ ᠴᠠᠭ ᠦᠶ᠎ᠡ ᠶᠢ ᠡᠳ᠋ᠯᠡᠵᠦ ᠪᠠᠶᠢᠨ᠎ᠠ᠃ ᠬᠠᠭᠤᠴᠢᠨ ᠪᠤᠭᠤᠲᠤ ᠶᠢᠨ | ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠶᠠᠪᠤᠬᠤ ᠳᠤ ᠶᠠᠭ ᠯᠠ ᠨᠢᠭᠡᠨ ᠭᠡᠷᠡᠯ ᠰᠠᠴᠤᠷᠠᠩᠭᠤᠢ | ᠰᠤᠪᠤᠳ ᠰᠢᠭ᠋ ᠪᠤᠭᠤᠲᠤ ᠶᠢᠨ ᠡᠨᠡ ᠬᠡᠰᠡᠭ ᠭᠠᠵᠠᠷ ᠳᠡᠭᠡᠷ᠎ᠡ ᠭᠢᠯᠠᠯᠵᠠᠵᠤ᠂ ᠪᠤᠭᠤᠲᠤ ᠶᠢᠨ ᠲᠡᠦᠬᠡ ᠰᠣᠶᠣᠯ ᠤᠨ ᠴᠢᠬᠤᠯᠠ | ᠠᠴᠢᠶᠠᠯᠠᠪᠤᠷᠢ ᠪᠣᠯᠬᠤ ᠪᠠᠷ ᠪᠠᠷᠠᠬᠤ ᠦᠭᠡᠢ᠂ ᠨᠡᠩ ᠴᠤ᠋ ᠬᠤᠲᠠ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ | ᠪᠣᠯᠤᠨ᠎ᠠ᠃ ᠢᠷᠡᠭᠡᠳᠦᠢ ᠳᠤ᠂ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ | ᠲᠣᠭᠤᠷᠢᠭ ᠨᠢ ᠪᠤᠭᠤᠲᠤ ᠶᠢᠨ ᠬᠥᠮᠦᠨ ᠤ ᠰᠡᠳᠭᠢᠯ ᠢ ᠲᠣᠯᠠᠭᠠᠴᠠᠭᠤᠯᠵᠤ᠂ ᠭᠠᠳᠠᠷ ᠣᠷᠣᠨ ᠤ ᠵᠤᠭᠠᠴᠠᠭᠰᠠᠳ ᠲᠡᠦᠬᠡ ᠶᠢ | ᠬᠠᠶᠢᠨ ᠰᠦᠪᠡᠭᠴᠢᠯᠡᠵᠦ᠂ ᠠᠮᠢᠳᠤᠷᠠᠯ ᠢ ᠮᠡᠳᠡᠷᠡᠬᠦ ᠬᠦᠰᠡᠯᠡᠩ ᠤᠨ ᠭᠠᠵᠠᠷ ᠪᠣᠯᠵᠤ᠂ ᠣᠯᠠᠨ ᠢᠶᠠᠷ ᠢᠶᠠᠨ ᠠᠳᠡ ᠪᠠᠶᠠᠷ | ᠬᠥᠷ ᠢᠶᠠᠷ ᠪᠢᠯᠬᠠᠮ᠎ᠠ᠂ ᠡᠨᠡ ᠬᠤᠲᠠ ᠶᠢᠨ ᠳᠣᠮᠤᠭ ᠢ ᠦᠷᠭᠦᠯᠵᠢᠯᠡᠨ ᠪᠢᠴᠢᠬᠦ ᠪᠣᠯᠤᠨ᠎ᠠ᠃ | |