ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ | ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠼᠠᠢ ᠱᠧᠨ ᠮᠢᠶᠣᠣ | ᠵᠡᠭᠡᠯᠢ ᠭᠤᠳᠤᠮᠵᠢ᠂ ᠯᠢᠦᠶ ᠽᠦ ᠮᠢᠶᠣᠣ ᠨᠡᠶᠢᠭᠡᠮ ᠲᠣᠭᠤᠷᠢᠭ ᠤᠨ ᠬᠢᠨ ᠼᠠᠢ ᠱᠧᠨ ᠮᠢᠶᠣᠣ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠬᠤᠲᠣᠩ ᠠᠷᠠᠳ ᠤᠨ ᠲᠣᠮᠢᠯᠠᠭᠰᠠᠨ ᠰᠠᠯᠪᠤᠷᠢ᠂ ᠼᠠᠢ | ᠱᠧᠨ ᠮᠢᠶᠣᠣ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠬᠠᠷᠢᠶᠠᠲᠤ ᠣᠷᠣᠨ ᠤ | ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠬᠤᠳᠠᠯᠳᠤᠭᠠᠨ ᠤ ᠳᠡᠯᠭᠡᠭᠦᠷ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠳᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ | ᠬᠢᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠶᠠᠨ ᠰᠢᠶᠤᠤ ᠯᠧ ᠪᠣᠯᠤᠨ ᠨᠠᠮ ᠤᠨ | ᠠᠵᠢᠯ ᠤᠨ ᠬᠤᠷᠢᠶ᠎ᠠ ᠶᠢᠨ ᠳᠡᠳ᠋ ᠱᠦᠵᠢ ᠸᠠᠩ ᠵᠢᠶᠠᠨ ᠰᠢᠨ ᠣᠷᠣᠯᠴᠠᠪᠠ᠃ | ᠪᠠᠶᠢᠴᠠᠭᠠᠯᠲᠠ ᠶᠢᠨ ᠲᠤᠬᠠᠶ ᠶᠢᠨ ᠡᠳᠦᠷ᠂ ᠪᠠᠶᠢᠴᠠᠭᠠᠬᠤ ᠳᠤᠭᠤᠶᠢᠯᠠᠩ ᠤᠨ ᠬᠢᠨ ᠵᠢᠩ ᠺᠠᠶ ᠳᠤᠮᠳᠠᠳᠤ | ᠰᠤᠷᠭᠠᠭᠤᠯᠢ᠂ ᠮᠦ ᠶᠠᠩ ᠳ᠋ᠢᠩ᠂ ᠠᠢ ᠰᠢᠨ ᠬᠡᠤᠬᠡᠳ ᠤᠨ ᠴᠡᠴᠡᠷᠯᠢᠭ ᠵᠡᠷᠭᠡ ᠲᠣᠮᠣ ᠬᠡᠯᠪᠡᠷᠢ ᠶᠢᠨ ᠲᠠᠯᠠᠪᠤᠷ ᠲᠤ | ᠭᠤᠤᠯᠳᠠᠯᠭ᠎ᠠ ᠲᠠᠢ ᠠᠮᠤᠷ ᠲᠦᠪᠰᠢᠨ ᠤ ᠪᠠᠶᠢᠴᠠᠭᠠᠯᠲᠠ ᠬᠢᠪᠠ᠃ ᠪᠠᠶᠢᠴᠠᠭᠠᠬᠤ ᠶᠠᠪᠤᠴᠠ ᠳᠤ᠂ ᠡᠯ᠎ᠡ | ᠬᠤᠳᠠᠯᠳᠤᠭᠠᠨ ᠤ ᠳᠡᠯᠭᠡᠭᠦᠷ ᠤᠨ ᠬᠠᠷᠢᠭᠤᠴᠠᠯᠭᠠᠲᠠᠨ ᠳᠤ ᠰᠢᠲᠠᠮᠠᠬᠠᠶ ᠬᠡᠶ ᠶᠢᠨ ᠠᠮᠤᠷ ᠲᠦᠪᠰᠢᠨ ᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ | ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠪᠠ᠃ | ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠰᠢᠲᠠᠮᠠᠬᠠᠶ | ᠬᠡᠶ ᠬᠡᠷᠡᠭᠯᠡᠬᠦ᠂ ᠭᠠᠯ ᠤᠨᠲᠠᠷᠠᠭᠠᠬᠤ ᠵᠠᠮ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠲᠠᠯ᠎ᠠ ᠪᠠᠷ ᠵᠠᠬ᠎ᠠ | ᠳᠡᠯᠭᠡᠭᠦᠷ ᠤᠨ ᠳᠣᠲᠣᠷᠠᠬᠢ ᠡᠯ᠎ᠡ ᠬᠤᠳᠠᠯᠳᠤᠭᠠᠨ ᠤ ᠡᠷᠦᠬᠡ ᠳᠤ ᠨᠠᠷᠢᠨ ᠨᠢᠮᠪᠠᠶ ᠪᠠᠶᠢᠴᠠᠭᠠᠯᠲᠠ ᠬᠢᠵᠦ᠂ ᠣᠯᠵᠤ | ᠮᠡᠳᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠭᠰᠠᠨ | ᠪᠥᠭᠡᠳ ᠬᠤᠳᠠᠯᠳᠤᠭᠠᠨ ᠤ ᠡᠷᠦᠬᠡ ᠳᠤ ᠠᠮᠤᠷ ᠲᠦᠪᠰᠢᠨ ᠤ ᠮᠡᠳᠡᠭᠳᠡᠯ ᠤᠨ ᠪᠢᠴᠢᠭ ᠲᠠᠷᠬᠠᠭᠠᠵᠤ᠂ ᠬᠤᠳᠠᠯᠳᠤᠭᠠᠨ ᠤ | ᠡᠷᠦᠬᠡ ᠶᠢᠨ ᠡᠵᠡᠩᠨᠡᠭᠴᠢ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠠᠳᠡᠯ ᠭᠠᠷᠬᠤ ᠥᠬᠡᠶ | ᠪᠠᠶᠢᠬᠤ ᠶᠢ ᠦᠨᠳᠦᠰᠦᠨ ᠠᠴᠠ ᠨᠢ ᠪᠠᠲᠤᠯᠠᠪᠠ᠃ | ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠨᠢ ᠬᠠᠷᠢᠶᠠᠲᠤ ᠣᠷᠣᠨ ᠤ ᠰᠠᠭᠤᠭᠠᠯᠢ | ᠠᠷᠠᠳ ᠵᠢᠴᠢ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠦᠲᠦᠮᠵᠢᠲᠡᠶ | ᠴᠢᠩᠭᠠᠳᠬᠠᠵᠤ᠂ ᠬᠠᠷᠢᠶᠠᠲᠤ ᠣᠷᠣᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠪᠠ᠃ ᠳᠠᠷᠠᠭᠠᠴᠢ ᠶᠢᠨ ᠠᠯᠬᠤᠮ ᠳᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ | ᠯᠢᠦᠢ ᠽᠦ ᠮᠢᠶᠣᠣ ᠨᠡᠶᠢᠭᠡᠮ ᠲᠣᠭᠤᠷᠢᠭ ᠤᠨ ᠬᠢᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠠᠶᠤᠯᠭᠦᠢ ᠦᠢᠯᠡᠳᠪᠦᠷᠢᠯᠡᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠪᠠᠲᠤᠯᠠᠵᠤ᠂ ᠡᠯ᠎ᠡ ᠲᠦᠷᠦᠯ ᠤᠨ | ᠠᠮᠤᠷ ᠲᠦᠪᠰᠢᠨ ᠤ ᠭᠡᠮ ᠰᠣᠭᠤᠭ ᠢ ᠴᠤᠬᠤᠶᠢᠵᠤ ᠪᠠᠶᠢᠭ᠎ᠠ ᠱᠠᠲᠤᠨ ᠳᠤᠨᠢ ᠠᠷᠢᠯᠭᠠᠬᠤ ᠪᠠᠷ ᠴᠢᠷᠮᠠᠶᠢᠵᠤ᠂ | ᠰᠠᠭᠤᠭᠠᠯᠢ ᠠᠷᠠᠳ ᠲᠤ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠡᠭᠦᠳᠴᠦ᠂ ᠠᠶᠤᠯᠭᠦᠢ ᠦᠢᠯᠡᠳᠪᠦᠷᠢᠯᠡᠯ ᠤᠨ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠨ᠎ᠠ︕ |