ᠣᠶᠢᠷ᠎ᠠ ᠳᠤ᠂ ᠹᠦ᠋ ᠱᠧᠩ ᠶᠤᠸᠠᠨ ᠨᠡᠶᠢᠭᠡᠮ ᠲᠣᠭᠤᠷᠢᠭ ᠨᠢᠭᠡ ᠤᠳᠠᠭᠠᠨ ᠤ ᠣᠨᠴᠠᠭᠠᠶ ᠰᠤᠷᠤᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠡᠷ ᠪᠦᠯᠢ ᠶᠢ ᠴᠢᠬᠤᠯᠠᠴᠢᠯᠠᠬᠤ᠂ | ᠬᠡᠷ ᠤᠨ ᠰᠤᠷᠭᠠᠯ ᠢ ᠴᠢᠬᠤᠯᠠᠴᠢᠯᠠᠬᠤ᠂ ᠬᠡᠷ ᠤᠨ ᠰᠤᠷᠲᠠᠯ ᠢ ᠴᠢᠬᠤᠯᠠᠴᠢᠯᠠᠬᠤ︾ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠪᠠ᠃ ᠡᠨᠡ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠪᠦᠬᠦ ᠨᠠᠮ ᠤᠨ ᠭᠡᠰᠢᠭᠦᠳ ᠤᠯᠤᠰ ᠤᠨ | ᠬᠥᠭᠵᠢᠯᠲᠡ ᠳᠠᠬᠢ ᠭᠡᠷ ᠪᠦᠯᠢ ᠶᠢᠨ ᠪᠠᠶᠢᠭᠤᠯᠤᠯᠲᠠ ᠶᠢᠨ ᠴᠢᠬᠤᠯᠠ ᠦᠢᠯᠡᠳᠦᠯ ᠢ ᠭᠦᠨᠵᠡᠭᠡᠶ ᠲᠠᠨᠢᠵᠤ᠂ ᠡᠪ ᠬᠠᠮᠲᠤ | ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠭᠡᠷ ᠪᠦᠯᠢ ᠶᠢᠨ ᠪᠠᠶᠢᠭᠤᠯᠤᠯᠲᠠ ᠶᠢᠨ ᠳᠤᠮᠳᠠᠬᠢ ᠬᠠᠷᠢᠭᠤᠴᠠᠯᠭ᠎ᠠ ᠪᠠ | ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ | ᠬᠤᠷᠢᠶ᠎ᠠ ᠪᠡᠯᠡᠳᠬᠡᠯ ᠠᠵᠢᠯ ᠢ ᠤᠷᠢᠳᠴᠢᠯᠠᠨ ᠨᠠᠷᠢᠨ ᠨᠢᠭᠲᠠ ᠬᠢᠪᠡ᠃ ᠠᠵᠢᠯᠲᠠᠳ ᠰᠤᠷᠤᠯᠴᠠᠯᠭ᠎ᠠ ᠶᠢᠨ | ᠮᠠᠲ᠋ᠧᠷᠢᠶᠠᠯ ᠢ ᠨᠠᠷᠢᠨ ᠨᠢᠮᠪᠠᠢ ᠪᠡᠯᠡᠳᠬᠡᠵᠡᠶ᠂ ᠡᠭᠦᠨ ᠳᠤ ᠶᠡᠷᠦᠩᠬᠡᠢ ᠱᠦᠵᠢ ᠶᠢᠨ ᠵᠣᠬᠢᠶᠠᠯ ᠤᠨ ᠤᠭ ᠵᠣᠬᠢᠶᠠᠯ᠂ | ᠲᠠᠶᠢᠯᠪᠤᠷᠢᠯᠠᠬᠤ ᠸᠢᠳᠢᠣ᠋ ᠵᠢᠴᠢ ᠬᠠᠮᠢᠶ᠎ᠠ ᠪᠦᠬᠦᠢ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠪᠠᠭᠲᠠᠭᠠᠵᠠᠢ᠃ ᠡᠭᠦᠨ ᠤ | ᠬᠠᠮᠲᠤ᠂ ᠠᠬᠠᠮᠠᠳ ᠨᠠᠮ ᠤᠨ ᠭᠡᠰᠢᠭᠦᠨ ᠢ ᠤᠷᠢᠵᠤ ᠲᠤᠬᠠᠢ ᠶᠢᠨ ᠲᠠᠯᠠᠪᠠᠢ ᠶᠢᠨ ᠲᠠᠶᠢᠯᠤᠮᠵᠢ ᠪᠠ ᠰᠣᠯᠢᠯᠴᠠᠭ᠎ᠠ | ᠬᠢᠯᠭᠡᠵᠦ᠂ ᠨᠠᠮ ᠤᠨ ᠭᠡᠰᠢᠭᠦᠨ ᠨᠢᠭᠡᠪᠦᠷᠢ ᠴᠥᠮ ᠵᠣᠬᠢᠶᠠᠯ ᠪᠦᠲᠦᠭᠡᠯ ᠤᠨ ᠭᠤᠣᠯ ᠦᠵᠡᠯ ᠰᠠᠨᠠᠭ᠎ᠠ ᠶᠢ ᠭᠦᠨᠵᠡᠭᠡᠢ | ᠣᠶᠢᠯᠠᠭᠠᠬᠤ ᠶᠢ ᠪᠠᠲᠤᠯᠠᠬᠤ ᠬᠡᠷᠡᠭᠲᠡᠢ᠃ | ᠰᠤᠷᠤᠯᠴᠠᠬᠤ ᠡᠳᠦᠷ᠂ ᠹᠦ᠋ ᠱᠧᠩ ᠶᠤᠸᠠᠨ ᠨᠡᠶᠢᠭᠡᠮ ᠲᠣᠭᠤᠷᠢᠭ ᠤᠨ ᠬᠤᠷᠠᠯ ᠤᠨ ᠥᠷᠥᠭᠡᠨ ᠳᠤ ᠬᠤᠭᠤᠰᠣᠨ | ᠰᠠᠭᠤᠳᠠᠯ ᠦᠭᠡᠢ᠂ ᠨᠠᠮ ᠤᠨ ᠭᠡᠰᠢᠭᠦᠳ ᠬᠤᠷᠠᠯ ᠤᠨ ᠲᠠᠯᠠᠪᠠᠢ ᠳᠤ ᠡᠷᠲᠡᠬᠡᠨ ᠢᠷᠡᠵᠦ᠂ ᠰᠤᠷᠤᠯᠴᠠᠬᠤ ᠮᠠᠲ᠋ᠧᠷᠢᠶᠠᠯ ᠢ | ᠨᠠᠷᠢᠨ ᠬᠢᠨᠠᠮᠠᠭᠠᠢ ᠤᠩᠰᠢᠵᠤ᠂ ᠢᠳᠡᠪᠬᠢᠲᠡᠢ ᠪᠠᠷ ᠶᠠᠷᠢᠶ᠎ᠠ ᠲᠠᠯᠪᠢᠬᠤ ᠪᠠᠷ ᠪᠡᠯᠡᠳᠬᠡᠪᠡ᠃ ᠠᠵᠢᠯᠯᠠᠭ᠎ᠠ ᠶᠢᠨ ᠠᠬᠤᠢ | ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠯᠠᠨ ᠢᠶᠠᠷ ᠢᠶᠠᠨ ︽ᠭᠤᠷᠪᠠ ᠶᠢ | ᠴᠢᠬᠤᠯᠠᠴᠢᠯᠠᠬᠤ︾ ᠶᠢᠨ ᠲᠣᠭᠤᠷᠢᠨ ᠳᠤ ᠭᠦᠨᠵᠡᠭᠡᠢ ᠶᠠᠷᠢᠯᠴᠠᠪᠠ᠃ | ︽ᠭᠡᠷ ᠪᠦᠯᠢ ᠪᠣᠯ ᠨᠡᠶᠢᠭᠡᠮ ᠤᠨ ᠦᠨᠳᠦᠰᠦᠨ ᠡᠰ ᠮᠥᠨ᠂ ᠬᠥᠮᠦᠨ ᠤ ᠠᠮᠢᠳᠤᠷᠠᠯ ᠤᠨ ᠠᠩᠬᠠᠳᠠᠭᠴᠢ | ᠰᠤᠷᠭᠠᠭᠤᠯᠢ ᠮᠥᠨ︾ ᠭᠡᠵᠦ ᠬᠡᠯᠡᠪᠡ᠃ ᠶᠡᠷᠦᠩᠬᠡᠢ ᠱᠦᠵᠢ ᠰᠢ ᠶᠢᠨ ᠫᠢᠩ ᠤᠨ ᠦᠭᠡ ᠨᠠᠮ ᠤᠨ ᠭᠡᠰᠢᠭᠦᠨ | ᠨᠢᠭᠡᠪᠦᠷᠢ ᠶᠢᠨ ᠰᠡᠳᠬᠢᠯ ᠢ ᠭᠦᠨ ᠲᠠᠲᠠᠭᠰᠠᠨ ᠪᠠᠶᠢᠨ᠎ᠠ᠃ ᠣᠯᠠᠨ ᠢᠶᠠᠷ ᠢᠶᠠᠨ ᠬᠡᠷ ᠪᠦᠯᠢ ᠶᠢᠨ ᠪᠥᠲᠥᠭᠡᠨ | ᠪᠠᠶᠢᠭᠤᠯᠤᠯᠲᠠ ᠶᠢᠨ ᠲᠤᠬᠠᠶ ᠣᠶᠢᠯᠠᠭᠠᠯᠴᠠᠭ᠎ᠠ ᠪᠠᠨ ᠬᠤᠪᠢᠶᠠᠯᠴᠠᠵᠤ᠂ ᠬᠡᠷ ᠪᠦᠯᠢ ᠶᠢᠨ ᠡᠶ᠎ᠡ ᠨᠠᠶᠢᠷᠲᠠᠶ ᠨᠡᠶᠢᠭᠡᠮ ᠤᠨ | ᠲᠣᠭᠲᠠᠭᠤᠨ ᠪᠠᠶᠢᠳᠠᠯ ᠳᠤ ᠦᠵᠡᠭᠦᠯᠬᠦ ᠴᠢᠬᠤᠯᠠ ᠴᠢᠨᠠᠷ ᠢ ᠴᠢᠬᠤᠯᠠᠴᠢᠯᠠᠪᠠ᠃ ᠨᠢᠭᠡᠨ ᠠᠬᠠᠮᠠᠳ ᠨᠠᠮ ᠤᠨ ᠭᠡᠰᠢᠭᠦᠨ | ᠄ ︽ᠭᠡᠷ ᠪᠦᠯᠢ ᠡᠶ᠎ᠡ ᠨᠠᠶᠢᠷᠲᠠᠢ ᠪᠣᠯ ᠤᠯᠤᠰ ᠲᠦᠪᠰᠢᠨ ᠠᠮᠤᠭᠤᠯᠠᠩ ᠪᠠᠶᠢᠵᠤ ᠴᠢᠳᠠᠨ᠎ᠠ᠂ ᠪᠢᠳᠡ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠶᠢᠨ ᠡᠶ᠎ᠡ ᠵᠣᠬᠢᠴᠠᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ︾ | ᠭᠡᠵᠦ ᠭᠦᠨ ᠰᠡᠳᠬᠢᠯᠭᠡ ᠲᠠᠢ ᠪᠠᠷ ᠬᠡᠯᠡᠪᠡ᠃ | ︽ᠭᠡᠷ ᠤᠨ ᠠᠬᠠᠮᠠᠳ ᠪᠣᠯ ᠬᠡᠦᠬᠡᠳ ᠤᠨ ᠠᠩᠬᠠᠨ ᠤ ᠪᠠᠭᠰᠢ ᠮᠥᠨ᠂ ᠬᠡᠦᠬᠡᠳ ᠲᠡᠭᠡᠨ ︿ᠬᠥᠮᠥᠨ ᠤ | ᠠᠮᠢᠳᠤᠷᠠᠯ ᠤᠨ ᠨᠢᠭᠡᠳᠦᠭᠡᠷ ᠬᠢᠴᠢᠶᠡᠯ﹀ ᠢᠶᠠᠨ ᠰᠠᠶᠢᠲᠤᠷ ᠶᠠᠷᠢᠬᠤ ᠬᠡᠷᠡᠭᠲᠡᠶ︾ ᠭᠡᠵᠦ ᠬᠡᠯᠡᠪᠡ᠂ ᠡᠨᠡ ᠦᠭᠡ ᠨᠢ | ᠣᠯᠠᠨ ᠤ ᠬᠦᠷᠢᠶᠡᠯᠡᠯ ᠢ ᠣᠯᠵᠠᠢ᠃ ᠮᠠᠰᠢ ᠤᠯᠠᠨ ᠨᠠᠮ ᠤᠨ ᠭᠡᠰᠢᠭᠦᠨ ᠥᠪᠡᠷ ᠤᠨ ᠬᠡᠦᠬᠡᠳ ᠬᠥᠮᠦᠵᠢᠭᠦᠯᠦᠭᠰᠡᠨ | ᠲᠤᠷᠰᠢᠯᠭ᠎ᠠ ᠲᠠᠢ ᠪᠠᠨ ᠤᠶᠠᠯᠳᠤᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠬᠡᠦᠬᠡᠳ ᠤᠨ ᠰᠠᠶᠢᠨ | ᠰᠠᠶᠢᠬᠠᠨ ᠵᠠᠩ ᠮᠣᠷᠠᠯ ᠢ ᠵᠢᠭᠠᠵᠤ ᠥᠭᠪᠡ᠃ ᠵᠠᠯᠠᠭᠤ ᠨᠠᠮ ᠤᠨ ᠭᠡᠰᠢᠭᠦᠨ ᠰᠢᠶᠤᠤ ᠯᠢ᠄ ︽ᠪᠢᠳᠡ ᠪᠡᠶ᠎ᠡ ᠪᠠᠷ ᠢᠶᠠᠨ | ᠬᠡᠪ ᠲᠦᠷᠢᠮ ᠪᠤᠯᠵᠤ᠂ ᠥᠪᠡᠷ ᠤᠨ ᠠᠵᠢᠯᠯᠠᠭ᠎ᠠ ᠪᠠᠷ ᠢᠶᠠᠨ ᠬᠡᠦᠬᠡᠳ ᠢᠶᠠᠨ ᠨᠥᠯᠥᠭᠡᠯᠡᠵᠦ᠂ ᠲᠡᠳᠡᠨ ᠢ | ᠬᠠᠷᠢᠭᠤᠴᠠᠯᠭᠠᠲᠤ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠬᠥᠮᠦᠨ ᠪᠣᠯᠭᠠᠬᠤ ᠬᠡᠷᠡᠭᠲᠡᠢ︾ ᠭᠡᠵᠦ ᠢᠯᠡᠳᠬᠡᠪᠡ᠃ | ᠭᠡᠷ ᠤᠨ ᠰᠤᠷᠲᠠᠯ ᠪᠣᠯ ᠨᠢᠭᠡ ᠭᠡᠷ ᠪᠦᠯᠢ ᠶᠢᠨ ᠤᠶᠤᠨ ᠰᠠᠨᠠᠭᠠᠨ ᠤ ᠳᠣᠲᠣᠭᠠᠳᠤ ᠲᠥᠪ ᠮᠥᠨ᠂ ᠪᠠᠰᠠ ᠴᠤ | ᠨᠢᠭᠡ ᠨᠡᠶᠢᠭᠡᠮ ᠤᠨ ᠦᠷᠳᠡᠭ ᠤᠨ ᠬᠤᠷᠢᠶᠠᠩᠭᠤᠢ ᠳᠦᠷᠰᠦ ᠮᠥᠨ︾ ᠭᠡᠵᠦ ᠬᠡᠯᠡᠪᠡ᠃ ᠨᠠᠮ ᠤᠨ ᠭᠡᠰᠢᠭᠦᠳ ᠠᠴᠠ | ᠰᠠᠶᠢᠨ ᠰᠠᠶᠢᠬᠠᠨ ᠭᠡᠷ ᠤᠨ ᠰᠤᠷᠲᠠᠯ ᠨᠢ ᠭᠡᠷ ᠪᠦᠯᠢ ᠶᠢᠨ ᠵᠣᠷᠢᠭ ᠰᠠᠨᠠᠭ᠎ᠠ ᠶᠢ ᠤᠯᠠᠮᠵᠢᠯᠠᠬᠤ ᠪᠠᠷ ᠪᠠᠷᠠᠬᠤ ᠦᠭᠡᠢ | ᠪᠠᠰᠠ ᠪᠦᠬᠦ᠋ᠢᠯᠡ ᠨᠡᠶᠢᠭᠡᠮ ᠤᠨ ᠬᠡᠪ ᠰᠤᠷᠲᠠᠯ ᠤᠨ ᠰᠠᠶᠢᠵᠢᠷᠠᠯᠲᠠ ᠶᠢ ᠳᠠᠶᠢᠴᠢᠯᠠᠵᠤ ᠴᠢᠳᠠᠨ᠎ᠠ ᠭᠡᠵᠦ ᠰᠠᠨᠠᠯ ᠨᠢᠭᠡᠲᠡᠢ | ᠦᠵᠡᠪᠡ᠃ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠫᠸᠢ ᠰᠢᠶᠠ᠄ ︽ᠪᠢᠳᠡ ᠭᠡᠷ | ᠪᠦᠯᠢ ᠶᠢᠨ ᠳᠣᠲᠣᠭᠠᠳᠤ ᠶᠢᠨ ᠬᠥᠮᠦᠵᠢᠯ ᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠤᠨ | ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ | ᠪᠣᠯᠭᠠᠶ᠎ᠠ︾ ᠭᠡᠵᠦ ᠬᠡᠯᠡᠪᠡ᠃ | ᠡᠨᠡ ᠤᠳᠠᠭᠠᠨ ᠤ ᠰᠤᠷᠤᠯᠴᠠᠯᠭ᠎ᠠ ᠶᠢᠨ ᠠᠵᠢᠯᠯᠠᠭ᠎ᠠ ᠪᠠᠷ ᠳᠠᠮᠵᠢᠨ᠂ ᠨᠠᠮ ᠤᠨ ᠭᠡᠰᠢᠭᠦᠨ ᠨᠥᠬᠦᠳ ᠰᠢᠯᠢᠳᠡᠭ | ᠭᠡᠷ ᠤᠨ ᠰᠤᠷᠲᠠᠯ ᠢᠶᠠᠨ ᠪᠠᠳᠠᠷᠠᠭᠤᠯᠵᠤ᠂ ᠵᠣᠯ ᠵᠢᠷᠭᠠᠯᠲᠤ ᠭᠡᠷ ᠪᠦᠯᠢ ᠶᠢ ᠪᠦᠲᠦᠭᠡᠨ ᠪᠠᠶᠢᠭᠤᠯᠬᠤ ᠵᠣᠷᠢᠭ ᠢᠶᠠᠨ ᠨᠡᠩ | ᠪᠠᠲᠤᠳᠬᠠᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠪᠣᠳᠠᠲᠤ ᠠᠵᠢᠯᠯᠠᠭ᠎ᠠ ᠳᠠᠭᠠᠨ | ᠨᠠᠶᠢᠳᠠᠪᠤᠷᠢᠵᠢᠭᠤᠯᠵᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠵᠡᠭᠡᠪᠡ᠃ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠲᠤᠰ ᠤᠳᠠᠭ᠎ᠠ ᠶᠢᠨ | ᠰᠤᠷᠤᠯᠴᠠᠯᠭ᠎ᠠ ᠲᠡᠭᠦᠰ ᠠᠮᠵᠢᠯᠲᠠ ᠲᠠᠢ ᠳᠠᠭᠤᠰᠤᠭᠰᠠᠨ ᠪᠣᠯᠪᠠᠴᠤ ᠤᠯᠠᠨ ᠤ ᠰᠡᠳᠬᠢᠯ ᠳᠠᠬᠢ ᠲᠡᠷᠡ ᠬᠦ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠤᠳᠠᠭᠠᠨ ᠳᠠᠭᠠᠭᠠᠮᠠᠭᠠᠢ ᠪᠠᠶᠢᠨ᠎ᠠ᠃ |