3 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠵᠠᠩ ᠯᠢ ᠵᠢᠶᠦ᠋ᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠳᠤ ᠪᠠᠶᠢᠴᠠᠭᠠᠨ ᠰᠤᠳᠤᠯᠤᠯᠲᠠ | ᠬᠢᠪᠠ᠃ | ᠵᠠᠩ ᠯᠢ ᠵᠢᠶᠦ᠋ᠨ ᠤᠷᠢᠳ ᠬᠤᠵᠢᠳ ᠪᠸᠢ ᠯᠢᠶᠠᠩ ᠬᠤᠶᠢᠲᠦ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠤᠶᠠᠷ ᠶᠢᠰᠦ ᠨᠢᠭᠡ ᠡᠮᠨᠡᠯᠭᠡ ᠶᠢᠨ ᠬᠤᠷᠢᠶ᠎ᠠ᠂ ᠲᠣᠭᠤᠷᠢᠭ ᠤᠨ | ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ᠂ ᠡᠮᠴᠢᠯᠡᠭᠡᠨ ᠤ | ᠥᠨᠳᠦᠷᠯᠢᠭ ᠢ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ | ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠡᠵᠡᠩᠨᠡᠯᠲᠡ᠂ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ | ᠪᠣᠯᠤᠨ ᠤᠨᠴᠠᠯᠢᠬᠳᠤ ᠲᠤᠰᠬᠠᠢ ᠡᠮᠨᠡᠯᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ | ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ | ᠳᠠᠷᠠᠭ᠎ᠠ ᠨᠢ᠂ ᠵᠠᠩ ᠯᠢ ᠵᠢᠶᠦ᠋ᠨ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ | ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠩᠭᠡᠷᠡᠭᠰᠡᠨ ᠨᠢᠭᠡ ᠵᠢᠯ ᠤᠨ ᠣᠯᠤᠭᠰᠠᠨ | ᠠᠬᠢᠴᠠ ᠶᠢ ᠭᠦᠢᠴᠡᠳ ᠨᠤᠲᠠᠯᠠᠪᠠ᠃ ᠵᠠᠩ ᠯᠢ ᠵᠢᠶᠦ᠋ᠨ ᠬᠡᠯᠡᠬᠦ ᠳᠡᠭᠡᠨ᠂ ᠲᠤᠭᠤᠷᠢᠭ ᠤᠨ ᠪᠣᠳᠠᠲᠤ ᠪᠠᠶᠢᠳᠠᠯ ᠳᠤ | ᠰᠠᠭᠤᠷᠢᠯᠠᠨ᠂ ᠪᠤᠭᠤᠲᠤ ᠬᠤᠲᠠ ᠶᠢᠨ ᠡᠮᠴᠢᠯᠡᠭᠡᠨ ᠤ ᠥᠨᠳᠦᠷᠯᠢᠭ ᠢ ᠴᠣᠭᠴᠠᠯᠠᠬᠤ ᠬᠠᠷᠠᠯᠲᠠ ᠡᠭᠦᠷᠭᠡ ᠲᠠᠢ | ᠬᠠᠷᠭᠤᠭᠤᠯᠵᠤ᠂ ᠪᠥᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ | ᠪᠠᠳᠠᠷᠠᠭᠤᠯᠤᠨ᠂ ᠬᠢᠯᠠᠰ ᠴᠡᠭ ᠢ ᠪᠣᠶ ᠪᠣᠯᠭᠠᠵᠤ᠂ ᠠᠭᠤᠯᠤᠭᠳᠠᠬᠤᠨ ᠮᠠᠶ᠋ᠢᠭ ᠤᠨ ᠴᠢᠨᠠᠷ ᠰᠠᠶᠢᠲᠠᠶ ᠬᠥᠭᠵᠢᠯᠲᠡ ᠶᠢᠨ | ᠵᠠᠮ ᠢᠶᠠᠷ ᠰᠠᠶᠢᠲᠤᠷ ᠵᠠᠮᠨᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠬᠡᠮᠵᠢᠶ᠎ᠡ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠢᠰᠲ᠋ᠧᠮ ᠤᠨ ᠦᠵᠡᠯᠲᠡ᠂ ᠣᠷᠣᠨ | ᠪᠦᠰᠡ ᠶᠢᠨ ᠦᠵᠡᠯᠲᠡ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠶᠡᠭᠡ ᠳᠡᠭᠡᠳᠦ | ᠰᠤᠷᠭᠠᠭᠤᠯᠢ᠂ ᠬᠤᠲᠠ ᠶᠢᠨ ᠬᠠᠷᠢᠶ᠎ᠠ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ᠶᠢᠨ ᠨᠡᠶᠢᠭᠡᠮᠯᠢᠭ ᠵᠡᠷᠭᠡ | ᠡᠬᠢ ᠪᠠᠶᠠᠯᠢᠭ ᠤᠨ ᠳᠠᠪᠠᠭᠤᠯᠢᠭ ᠢ ᠨᠢᠭᠡᠳᠦᠯᠲᠡᠶ ᠲᠥᠯᠥᠪᠵᠢᠭᠦᠯᠵᠦ᠂ ᠡᠭᠦᠷᠭᠡ ᠶᠢ ᠵᠦᠢᠯ ᠳᠠᠷᠠᠭᠠᠯᠠᠨ | ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ | ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ᠃ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠬᠦᠯᠢᠶᠡᠬᠦ ᠦᠭᠡᠢ | ᠲᠦᠰᠢᠭᠯᠡᠬᠦ ᠦᠭᠡᠢ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠨᠢᠭᠲᠠ ᠬᠡᠯᠪᠡᠷᠢ ᠶᠢᠨ ᠡᠮᠴᠢᠯᠡᠭᠡᠨ ᠤ | ᠪᠦᠯᠦᠭᠯᠡᠯ ᠤᠨ ᠪᠦᠳᠦᠭᠡᠨ ᠪᠠᠶᠢᠭᠤᠯᠤᠯᠲᠠ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ | ᠣᠷᠣᠨ ᠤ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠵᠡᠷᠭᠡ | ᠭᠤᠣᠯᠳᠠᠯᠭ᠎ᠠ ᠲᠠᠢ ᠡᠭᠦᠷᠭᠡ ᠶᠢ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠥᠭᠡᠷᠡᠴᠢᠯᠡᠯᠲᠡ ᠶᠢᠨ ᠰᠡᠳᠬᠢᠬᠦᠶ᠂ ᠰᠢᠨ᠎ᠡ ᠶᠢ ᠡᠭᠦᠳᠬᠦ ᠰᠡᠳᠬᠢᠬᠦᠶ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ | ᠂ ᠠᠵᠢᠯ ᠤᠨ ᠳᠤᠮᠳᠠᠬᠢ ᠲᠦᠭᠵᠢᠷᠡᠯ ᠢ ᠴᠠᠭ ᠲᠤᠬᠠᠶ ᠳᠤᠨᠢ ᠵᠠᠳᠠᠯᠵᠤ᠂ ᠰᠤᠳᠤᠯᠤᠨ ᠰᠢᠢᠳᠪᠦᠷᠢᠯᠡᠵᠦ᠂ ︽ | ᠰᠡᠳᠬᠢᠬᠦᠶ ᠲᠠᠢ︾ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠰᠲ᠋ᠧᠮ ᠤᠨ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ | ᠂ ᠪᠦᠲᠦᠮᠵᠢᠲᠡᠢ ᠬᠠᠮᠢᠶᠠᠷᠤᠯᠲᠠ ᠪᠣᠯᠤᠨ ᠬᠢᠨᠠᠯᠲᠠ ᠶᠢ ᠴᠢᠩᠭᠠᠳᠬᠠᠵᠤ᠂ ᠪᠦᠬᠦ ᠬᠤᠳᠠ ᠶᠢᠨ ᠨᠡᠩ ᠥᠨᠳᠥᠷ | ᠲᠦᠪᠰᠢᠨ ᠪᠦᠬᠦᠢ ᠡᠮᠴᠢᠯᠡᠭᠡᠨ ᠤ ᠥᠨᠳᠦᠷᠯᠢᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠵᠤᠤ ᠯᠢ ᠰᠢᠶᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |