ᠪᠠᠢ ᠵᠢᠢ ᠸᠧᠨ ᠲᠤᠬᠠᠢ ᠶᠢᠨ ᠭᠠᠵᠠᠷ ᠲᠤᠨᠢ ᠬᠦᠷᠴᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/6
   3 ᠰᠠᠷ᠎ᠠ ᠶᠢᠨ 5 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠶ ᠵᠢᠶ ᠸᠧᠨ ᠨᠡᠷ ᠤᠷᠢᠳ ᠬᠤᠵᠢᠳ ᠪᠤᠭᠤᠲᠤ ᠬᠤᠲᠠ ᠶᠢᠨ ᠬᠤᠤ ᠢᠦᠶ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠳ᠋ᠦᠩ ᠾᠧ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠨᠢᠭᠡᠳᠦᠯᠲᠡᠶ ᠤᠯᠤᠰ ᠤᠨ ᠡᠮ ᠤᠨ ᠳᠡᠯᠭᠡᠭᠦᠷ ︵ᠬᠤᠲᠠ ᠲᠣᠭᠤᠷᠢᠭ︶ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠪᠥᠸᠧ ᠫᠦ᠋ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠵᠤ᠂ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠪᠠ᠃    ᠪᠠᠢ ᠵᠢᠢ ᠸᠧᠨ ᠭᠡᠰᠢᠭᠦᠨ ᠵᠢᠴᠢ ᠪᠠᠶᠢᠭ᠎ᠠ ᠠᠵᠤ ᠠᠬᠤᠶᠢᠯᠠᠯ ᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠭᠡᠰᠢᠭᠦᠳ ᠪᠣᠳᠠᠲᠤ ᠪᠠᠶᠢᠳᠠᠯ ᠳᠤ ᠰᠠᠭᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠭᠡᠰᠢᠭᠦᠳ ᠤᠨ ᠡᠭᠦᠷᠭᠡᠯᠡᠯ ᠲᠠᠢ ᠭᠦᠨᠵᠡᠭᠡᠢ ᠠᠭᠤᠰᠤᠯᠴᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂ ᠢᠮᠠᠭᠲᠠ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠤᠰᠬᠠᠬᠤ᠂ ᠦᠢᠯᠡᠰ ᠪᠤᠰᠬᠠᠬᠤ ᠶᠢ ᠪᠡᠶᠡᠯᠡᠭᠦᠯᠵᠦ᠂ ᠭᠤᠣᠯ ᠠᠵᠢᠯ ᠢᠶᠠᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠬᠤ ᠴᠤᠭ ᠰᠦᠯᠳᠡ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡᠯᠡᠯ ᠪᠠ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃ ᠲᠡᠷᠡ ᠭᠡᠰᠢᠭᠦᠳ ᠤᠨ ︽ᠤᠯᠤᠰ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ︾ ᠡᠭᠦᠷᠭᠡ ᠬᠠᠷᠢᠭᠤᠴᠠᠯᠭ᠎ᠠ ᠶᠢᠨ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠲᠤᠰ ᠲᠤᠰ ᠤᠨ ᠳᠠᠪᠠᠭᠤᠯᠢᠭ ᠲᠤᠰᠬᠠᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳ᠋ᠦᠩ ᠾᠧ ᠲᠣᠭᠤᠷᠢᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠣᠭᠤᠷᠢᠨ ᠳᠤ ᠴᠢᠨᠠᠷ ᠰᠠᠶᠢᠲᠠᠢ ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠲᠤᠭᠤᠷᠪᠢᠬᠤ ᠶᠢ ᠵᠣᠷᠢᠭᠵᠢᠭᠤᠯᠪᠠ᠃ ᠭᠡᠰᠢᠭᠦᠳ ᠤᠨᠤᠯ ᠤᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠬᠢᠬᠦ᠂ ᠰᠢᠨᠵᠢᠯᠡᠨ ᠪᠠᠶᠢᠴᠠᠭᠠᠬᠤ᠂ ᠬᠢᠨᠠᠯᠲᠠ ᠲᠠᠯᠪᠢᠬᠤ᠂ ᠵᠥᠪᠯᠡᠬᠦ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠳᠤ ᠢᠳᠡᠪᠬᠢᠲᠡᠢ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ᠃    ᠪᠠᠢ ᠵᠢᠢ ᠸᠧᠨ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ  ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠭᠠᠷᠳᠠᠴᠠ ᠪᠣᠯᠤᠨ ᠡᠲᠡᠭᠡᠳ ᠤᠨ ᠢᠯᠭᠠᠯ ᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠤᠶᠠᠯᠳᠤᠯ ᠤᠨ ᠴᠡᠭ ᠢ ᠤᠯᠠᠮ ᠴᠢᠨᠠᠭᠰᠢᠳᠠ ᠣᠨᠣᠪᠴᠢᠲᠠᠢ ᠣᠯᠵᠤ᠂ ᠰᠠᠶᠢᠨ ᠰᠠᠶᠢᠬᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠭᠤᠷ ᠠᠮᠢᠰᠬᠤᠯ ᠢ ᠡᠭᠦᠳᠴᠦ᠂ ᠤᠯᠤᠰ ᠲᠦᠷᠦ ᠶᠢᠨ ᠵᠥᠪᠯᠡᠯᠭᠡᠨ ᠤ ᠵᠥᠪᠳᠡᠯᠴᠡᠭᠡ ᠶᠢ ︽ᠭᠦᠨᠵᠡᠭᠡᠶᠢᠷᠡᠬᠦ︾ ᠪᠠ ︽ᠪᠣᠳᠠᠲᠠᠢ︾ ᠪᠠᠶᠢᠯᠭᠠᠬᠤ ᠶᠢ ᠴᠢᠷᠮᠠᠶᠢᠨ ᠠᠬᠢᠭᠤᠯᠤᠨ᠎ᠠ︔ ᠬᠤᠯᠪᠣᠭᠳᠠᠯ ᠪᠦᠬᠦᠢ ᠨᠢᠭᠡᠴᠡ ᠶᠢ ᠢᠳᠡᠪᠬᠢᠲᠡᠢ ᠵᠣᠬᠢᠴᠠᠭᠤᠯᠵᠤ ᠪᠠᠶᠢᠭᠠᠳ ᠭᠡᠰᠢᠭᠦᠨ ᠪᠠ ᠠᠵᠤ ᠠᠬᠤᠶᠢᠯᠠᠯ ᠳᠤ ᠨᠡᠩ ᠳᠣᠲᠣᠨᠣ᠂ ᠤᠨᠢᠨ ᠳᠡᠭᠡᠷ᠎ᠡ ᠨᠢ ᠦᠢᠯᠡᠴᠢᠯᠡᠬᠦ ᠪᠠ ᠳᠡᠮᠵᠢᠯᠭᠡ ᠬᠠᠩᠭᠠᠵᠤ᠂ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠳ᠋ᠦᠩ ᠾᠧ ᠶᠢᠨ ᠰᠦᠷ ᠵᠢᠪᠬᠤᠭ᠎ᠠ ᠶᠢ ᠳᠠᠬᠢᠨᠲᠠ ᠪᠠᠳᠠᠷᠠᠭᠤᠯᠵᠤ᠂ ᠥᠩᠭᠡᠷᠡᠭᠰᠡᠨ ᠤ ᠬᠥᠭᠵᠢᠯ ᠴᠡᠴᠡᠭᠯᠡᠯ ᠢ ᠳᠠᠬᠢᠨᠲᠠ ᠢᠯᠡᠷᠡᠭᠦᠯᠬᠦ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠵᠧᠦ ᠶᠦᠩ ᠸᠧᠢ᠂ ᠴᠠᠩ ᠴᠢᠤᠸᠠᠨ ᠸᠧᠢ᠂ ᠴᠧᠨ ᠸᠧᠨ ᠯᠢ᠂ ᠯᠢ ᠢ᠂ ᠯᠢᠶᠠᠩ ᠵᠢᠩ ᠵᠧᠨ᠂ ᠰᠦ᠋ ᠬᠠᠢ ᠸᠧᠨ ᠵᠢᠴᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ᠂ ᠡᠯ᠎ᠡ ᠲᠤᠰᠬᠠᠢ ᠵᠥᠪᠯᠡᠯ᠂ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠵᠤ ᠰᠤᠷᠪᠤᠯᠵᠢᠯᠠᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1