ᠶᠠᠭᠠᠬᠢᠭᠰᠠᠨ ᠴᠤ ᠪᠢᠲᠡᠭᠡᠢ ᠠᠯᠳᠠ︕ ᠪᠦᠬᠦ ᠠᠷᠠᠳ ᠰᠦᠢᠳᠬᠡᠯ ᠦᠯᠦ ᠬᠤᠷᠢᠶᠠᠬᠤ︕
ᠨᠡᠶᠢᠲᠡᠯᠡᠭᠰᠡᠨ ᠴᠠᠭ᠄
2025/3/6
   ᠵᠤᠭᠠᠴᠠᠭᠰᠠᠳ ᠨᠢᠭᠡᠪᠦᠷᠢ ᠳᠤ  ︵ᠰᠢ ᠺᠧᠦ︶ ᠪᠠᠷᠠᠭᠤᠨ ᠭᠠᠷᠠᠮ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠶ ᠣᠶᠢᠯᠠᠭᠠᠭᠤᠯᠬᠤ ᠶᠢᠨ ᠲᠥᠯᠥᠭᠡ᠂ ᠬᠠᠭᠤᠴᠢᠨ ᠪᠤᠭᠤᠲᠤ ᠶᠢᠨ ᠪᠠᠷᠠᠭᠤᠨ ᠭᠠᠷᠠᠮ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠶᠠᠪᠤᠬᠤ ᠳᠤ᠂ ᠲᠣᠰ ᠡᠳᠦᠷ ᠠᠴᠠ ᠡᠬᠢᠯᠡᠨ ᠰᠦᠢᠳᠬᠡᠯ ᠬᠤᠷᠢᠶᠠᠬᠤ ᠥᠬᠡᠶ ᠪᠠᠷ ᠲᠠᠶᠢᠯᠪᠤᠷᠢᠯᠠᠬᠤ ᠦᠢᠯᠡᠴᠢᠯᠡᠭᠡ ᠶᠠᠪᠤᠭᠤᠯᠪᠠ︕ ᠲᠠ ᠪᠣᠯ ᠠᠩᠬ᠎ᠠ ᠢᠷᠡᠭᠰᠡᠨ ᠴᠦ ᠲᠡᠷᠡ᠂ ᠬᠠᠰᠢᠯᠠ ᠲᠡᠦᠬᠡ ᠶᠢᠨ ᠠᠭᠤᠯᠬᠤᠨ ᠢ ᠨᠡᠩ ᠭᠦᠨᠵᠡᠭᠡᠢ ᠣᠶᠢᠯᠠᠭᠠᠶ᠎ᠠ ᠭᠡᠵᠦ ᠪᠣᠳᠤᠵᠤ ᠪᠠᠶᠢᠨ᠎ᠠ᠂ ᠬᠠᠭᠤᠴᠢᠨ ᠵᠡᠭᠡᠯᠢ ᠴᠥᠮ ᠲᠠᠨ ᠳᠤ ᠥᠪᠡᠷᠮᠢᠴᠡ ᠰᠣᠶᠣᠯ ᠤᠨ ᠬᠠᠶᠢᠨ ᠰᠦᠪᠡᠭᠴᠢᠯᠡᠯᠲᠡ ᠶᠢᠨ ᠠᠶᠠᠯᠠᠯ ᠢᠯᠡᠷᠡᠬᠦ ᠪᠣᠯᠤᠨ᠎ᠠ᠃ ᠲᠤᠰᠬᠠᠢ ᠮᠡᠷᠭᠡᠵᠢᠯ ᠤᠨ ᠲᠠᠶᠢᠯᠪᠤᠷᠢᠯᠠᠯᠲᠠ ᠪᠠᠷ ᠳᠠᠮᠵᠢᠨ᠂ ᠲᠠ ᠪᠠᠷᠠᠭᠤᠨ ᠭᠠᠷᠠᠮ ᠤᠨ ᠰᠣᠶᠣᠯ ᠤᠨ ᠭᠦᠨ ᠠᠭᠤᠯᠤᠭᠳᠠᠬᠤᠨ ᠢ ᠨᠡᠩ ᠰᠢᠭᠤᠳ ᠣᠶᠢᠯᠠᠭᠠᠵᠤ᠂ ᠲᠡᠦᠬᠡ ᠶᠢᠨ ᠠᠮᠢᠳᠤᠯᠢᠭ ᠪᠠᠶᠢᠳᠠᠯ ᠢ ᠣᠶᠢᠯᠠᠭᠠᠬᠤ ᠪᠣᠯᠤᠨ᠎ᠠ᠃ ᠥᠷᠭᠡᠨ ᠤᠯᠠᠨ ᠵᠤᠭᠠᠴᠠᠭᠰᠠᠳ ᠤᠨ ᠢᠷᠡᠵᠦ ᠬᠠᠭᠤᠴᠢᠨ ᠵᠡᠭᠡᠯᠢ ᠶᠢᠨ ᠰᠣᠶᠣᠯ ᠤᠨ ᠦᠨᠦᠷ ᠠᠮᠲᠠ ᠶᠢ ᠮᠡᠳᠡᠷᠡᠭᠦᠯᠬᠦ ᠶᠢ ᠪᠠᠶᠠᠷᠯᠠᠨ ᠤᠭᠲᠤᠶ᠎ᠠ︕
   ᠭᠦᠨᠵᠡᠭᠡᠢ ᠲᠠᠶᠢᠯᠪᠤᠷᠢᠯᠠᠬᠤ    ᠲᠠᠶᠢᠯᠪᠤᠷᠢᠯᠠᠭᠴᠢ ᠶᠢᠨ ᠪᠦᠯᠬᠦᠮ ᠤᠨ  ᠲᠠᠨ ᠢ ᠳᠠᠭᠠᠭᠤᠯᠤᠨ ᠵᠠᠭᠤᠨ ᠵᠢᠯ ᠤᠨ ᠲᠡᠦᠬᠡ ᠶᠢ ᠲᠤᠭᠤᠯᠵᠤ᠂ ︵ᠰᠢ ᠺᠧᠦ︶  ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠤ᠂ ᠬᠠᠭᠤᠴᠢᠨ ᠪᠤᠭᠤᠲᠤ ᠶᠢᠨ ᠠᠷᠠᠯᠵᠢᠶᠠᠨ ᠤ ᠬᠥᠭᠵᠢᠯ ᠪᠠᠳᠠᠷᠠᠯ ᠪᠣᠯᠤᠨ ᠬᠤᠪᠢᠰᠬᠠᠯ ᠤᠨ ᠰᠣᠶᠣᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠮᠡᠳᠡᠷᠡᠭᠦᠯᠬᠦ ᠪᠣᠯᠤᠨ᠎ᠠ᠃
   ᠴᠠᠭ ᠲᠠᠢ ᠶᠠᠷᠢᠬᠤ    ᠲᠤᠰ ᠰᠠᠷ᠎ᠠ ᠶᠢᠨ ᠵᠡᠭᠡᠯᠢ ᠲᠣᠭᠤᠷᠢᠭ ᠤᠨ ᠲᠣᠭᠲᠠᠭᠰᠠᠨ ᠴᠠᠭ ᠲᠤ ᠦᠢᠯᠡᠴᠢᠯᠡᠭᠡᠨ ᠤ ᠴᠠᠭ ᠤᠨ ᠬᠦᠰᠦᠨᠦᠭᠲᠦ ᠶᠢ ᠦᠨᠳᠦᠰᠦᠯᠡᠨ᠂ ᠴᠤᠭᠯᠠᠷᠠᠯ ᠤᠨ ᠴᠠᠭ ᠲᠤ ᠰᠦᠢᠳᠭᠡᠯ ᠬᠤᠷᠢᠶᠠᠬᠤ ᠦᠭᠡᠢ ᠪᠠᠷ ᠲᠠᠢᠯᠪᠤᠷᠢᠯᠠᠬᠤ ᠦᠢᠯᠡᠴᠢᠯᠡᠭᠡ ᠶᠢ ᠡᠬᠢᠯᠡᠭᠦᠯᠵᠦ᠂ ᠲᠠᠨ ᠤ ᠪᠣᠷᠣ ᠸᠠᠭᠠᠷ ᠤᠨ ᠲᠠᠰᠤᠯᠭ᠎ᠠ ᠢ ᠳᠠᠭᠠᠭᠤᠯᠤᠨ᠂ ︵ᠰᠢ ᠺᠧᠦ︶ ᠦᠯᠢᠭᠡᠷ ᠢ ᠰᠣᠨᠣᠰᠴᠤ᠂  ᠬᠤᠪᠢᠰᠬᠠᠯ ᠤᠨ ᠳᠤᠷᠠᠰ ᠤᠮᠵᠢ ᠶᠢ ᠳᠠᠬᠢᠨ  ᠳᠤᠷᠠᠰᠬᠠᠨ᠎ᠠ᠃
   ᠪᠦᠯᠬᠦᠮ ᠤᠨ ᠪᠤᠯᠵᠤᠬᠤ    ᠪᠦᠯᠬᠦᠮ ᠨᠡᠶᠢᠲᠡ ᠶᠢᠨ ᠵᠤᠭᠠᠴᠠᠭᠰᠠᠳ ᠪᠤᠶᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠤᠷᠢᠳᠴᠢᠯᠠᠨ ᠪᠣᠯᠵᠣᠵᠤ ᠲᠤᠰᠬᠠᠶ ᠲᠠᠶᠢᠯᠪᠦᠷᠢᠯᠠᠨ ᠶᠠᠷᠢᠵᠤ ᠪᠣᠯᠤᠨ᠎ᠠ᠂ ᠬᠠᠭᠤᠴᠢᠨ ᠵᠡᠭᠡᠯᠢ ᠲᠠᠨ ᠳᠤ ᠠᠭᠤᠯᠭ᠎ᠠ ᠲᠣᠭᠲᠠᠭᠠᠨ ᠥᠭᠴᠦ᠂ ᠪᠠᠷᠠᠭᠤᠨ ᠡᠭᠦᠳᠡᠨ ᠤ ᠵᠢᠭᠤᠯᠴᠢᠯᠠᠯ ᠢ ᠨᠠᠩ ᠲᠡᠭᠦᠯᠳᠡᠷᠵᠢᠭᠦᠯᠦᠨ᠎ᠡ︕
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1