ᠳ᠋ᠦᠩ ᠾᠧ ᠨᠡᠶᠢᠳᠡ ᠶᠢᠨ ᠣᠩᠭᠤᠨ᠂ ᠲᠢᠶᠠᠨ ᠲᠠᠩ ᠶᠤᠸᠠᠨ ᠨᠡᠶᠢᠲᠡ ᠶᠢᠨ ᠣᠩᠭᠤᠨ ᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/4/1
     ᠬᠠᠩᠰᠢ ᠶᠢᠨ ᠡᠳᠦᠷ ᠪᠣᠯ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠢᠶᠠᠨ ᠲᠠᠬᠢᠬᠤ ᠤᠯᠠᠮᠵᠢᠯᠠᠯᠲᠤ ᠪᠠᠶᠠᠷ ᠤᠨ ᠡᠳᠦᠷ ᠮᠥᠨ᠃ ᠬᠠᠩᠰᠢ ᠶᠢᠨ ᠬᠤᠭᠤᠴᠠᠭᠠᠨ ᠳᠤ ᠡᠯ᠎ᠡ ᠲᠥᠪᠯᠡᠷᠡᠭᠦᠯᠦᠨ ᠲᠠᠬᠢᠯᠭ᠎ᠠ ᠶᠢᠨ ᠭᠠᠵᠠᠷ ᠲᠤ ᠲᠡᠷᠭᠡ ᠬᠥᠰᠬᠡ ᠨᠡᠯᠢᠶᠡᠳ ᠣᠯᠠᠨ ᠪᠠᠶᠢᠭᠰᠠᠨ ᠠᠴᠠ ᠪᠣᠯᠤᠭᠰᠠᠨ ᠵᠠᠮ ᠬᠠᠷᠢᠯᠴᠠᠭᠠᠨ ᠤ ᠲᠦᠭᠵᠢᠷᠡᠯ ᠤᠨ ᠦᠵᠡᠭᠳᠡᠯ ᠢᠯᠡᠷᠡᠵᠡᠶ᠂ ᠪᠥᠬᠦ ᠲᠣᠭᠤᠷᠢᠭ ᠤᠨ ᠥᠷᠭᠡᠨ ᠣᠯᠠᠨ ᠲᠦᠮᠡᠨ ᠤ ᠳᠠᠬᠢᠯᠭ᠎ᠠ ᠶᠢ ᠨᠠᠩ ᠰᠠᠶᠢᠨ ᠲᠥᠬᠦᠮ ᠦᠵᠡᠭᠦᠯᠬᠦ ᠶᠢᠨ ᠲᠥᠯᠥᠭᠡ᠂ ᠳ᠋ᠦᠩ ᠾᠧ ᠨᠡᠶᠢᠲᠡ ᠶᠢᠨ ᠣᠩᠭᠤᠨ᠂ ᠲᠢᠶᠠᠨ ᠲᠠᠩ ᠶᠤᠸᠠᠨ ᠨᠡᠶᠢᠲᠡ ᠶᠢᠨ ᠣᠩᠭᠤᠨ ᠠᠴᠠ ᠲᠠᠬᠢᠯᠭ᠎ᠠ ᠶᠢᠨ ᠣᠯᠠᠨ ᠲᠦᠮᠡᠨ ᠳᠤ ᠦᠨ᠎ᠡ ᠲᠥᠯᠥᠪᠦᠷᠢ ᠥᠬᠡᠶ ᠪᠠᠷ ᠲᠠᠬᠢᠯᠭ᠎ᠠ ᠬᠢᠵᠦ ᠲᠤᠰᠴᠤ ᠬᠦᠷᠭᠡᠬᠦ ᠲᠡᠷᠭᠡ ᠬᠥᠰᠬᠡ ᠶᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠬᠤ ᠶᠢᠨ ᠲᠥᠯᠥᠭᠡ᠂ ᠣᠲᠣ 2025 ᠣᠨ ᠤ ᠬᠠᠩᠰᠢ ᠶᠢᠨ ᠬᠤᠭᠤᠴᠠᠭᠠᠨ ᠳᠤ ᠦᠨ᠎ᠡ ᠲᠥᠯᠥᠪᠦᠷᠢ ᠥᠬᠡᠶ ᠪᠠᠷ ᠲᠡᠷᠭᠡ ᠲᠠᠲᠠᠵᠤ ᠲᠤᠰᠴᠤ ᠬᠦᠷᠭᠡᠬᠦ ᠵᠠᠷᠯᠠᠯ ᠳᠣᠤᠷᠠᠬᠢ ᠮᠡᠲᠦ ᠵᠠᠷᠯᠠᠶ᠎ᠠ᠄      ᠳ᠋ᠦᠩ ᠾᠧ ᠨᠡᠶᠢᠲᠡ ᠶᠢᠨ ᠣᠩᠭᠤᠨ᠄ 4 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠥᠷᠯᠥᠭᠡ ᠶᠢᠨ 7᠄ 00 - 12᠄ 00 ᠬᠦᠷᠬᠦ ᠤᠤᠯ ᠤᠨ ᠮᠦᠰᠯᠢᠮ ᠲᠣᠮᠣ ᠠᠰᠠᠷ ᠤᠨ ᠬᠠᠵᠠᠭᠤ ᠶᠢᠨ ᠨᠣᠭᠤᠭᠠᠷᠠᠭᠤᠯᠤᠯᠲᠠ ᠶᠢᠨ ᠥᠷᠲᠡᠭᠡ ᠶᠢᠨ ᠬᠦᠷᠢᠶᠡᠨ ᠳᠤ ᠲᠡᠷᠭᠡ ᠨᠡᠪᠲᠡᠷᠡᠵᠦ᠂ ᠬᠤᠩ ᠰᠢᠩ - ᠴᠢᠩ ᠱᠠᠨ ᠵᠠᠮ - ᠵᠢᠩ ᠺᠠᠶ ᠳᠤᠮᠳᠠᠳᠤ ᠰᠤᠷᠭᠠᠭᠤᠯᠢ - ᠯᠢᠦ ᠵᠦ ᠶᠣᠣ ᠽᠢ ᠲᠣᠰᠬᠤᠨ - ᠪᠦᠦ ᠪᠠᠶ ᠱᠤᠭᠤᠮ ᠢᠶᠠᠷ ᠶᠠᠪᠤᠵᠤ᠂ ᠬᠡᠷᠪᠡ ᠪᠤᠰᠤᠳ ᠤᠴᠢᠷ ᠶᠠᠪᠤᠳᠠᠯ ᠢ ᠠᠰᠠᠭᠤᠨ ᠯᠠᠪᠯᠠᠪᠠᠯ ᠭᠥᠯᠢᠶᠡᠨ ᠠᠪᠬᠤ ᠲᠥᠪ   ᠲᠠᠢ ᠬᠠᠷᠢᠯᠴᠠᠭᠠᠷᠠᠢ᠂ ᠳ᠋ᠦᠩ ᠾᠧ ᠨᠡᠢᠲᠡ ᠶᠢᠨ ᠣᠩᠭᠤᠨ ᠤ ᠯᠠᠪᠯᠠᠯᠲᠠ ᠶᠢᠨ ᠤᠲᠠᠰᠤ 4159166᠃      ᠲᠢᠶᠠᠨ ᠲᠠᠩ ᠶᠤᠸᠠᠨ ᠨᠡᠶᠢᠲᠡ ᠶᠢᠨ ᠣᠩᠭᠤᠨ᠄ 4 ᠰᠠᠷ᠎ᠠ ᠶᠢᠨ 3 ᠤ ᠡᠳᠦᠷ ᠠᠴᠠ 5 ᠤ ᠡᠳᠦᠷ ᠪᠣᠯᠲᠠᠯᠠᠬᠢ ᠭᠤᠷᠪᠠᠨ ᠡᠳᠦᠷ᠂ ᠥᠷᠯᠥᠭᠡ ᠶᠢᠨ 8᠄ 00 - 12᠄ 00 ᠶᠢᠨ ᠯᠦᠩ ᠽᠠᠩ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠠᠴᠠ ᠲᠡᠷᠭᠡ ᠨᠡᠪᠲᠡᠷᠡᠵᠦ᠂ ᠯᠦᠩ ᠽᠠᠩ - ᠣᠣ ᠢᠦᠶ ᠰᠢᠨ᠎ᠡ ᠬᠤᠲᠠ - ᠲᠢᠶᠠᠨ ᠲᠠᠩ ᠶᠤᠸᠠᠨ᠂ ᠬᠡᠷᠪᠡ ᠪᠤᠰᠤᠳ ᠤᠴᠢᠷ ᠶᠠᠪᠤᠳᠠᠯ ᠢ ᠠᠰᠠᠭᠤᠨ ᠯᠠᠪᠯᠠᠪᠠᠯ ᠭᠥᠯᠢᠶᠡᠨ ᠠᠪᠬᠤ ᠲᠥᠪ ᠲᠠᠢ ᠬᠠᠷᠢᠯᠴᠠᠭᠠᠷᠠᠢ᠂ ᠲᠢᠶᠠᠨ ᠲᠠᠩ ᠶᠤᠸᠠᠨ ᠨᠡᠶᠢᠲᠡ ᠶᠢᠨ ᠣᠩᠭᠤᠨ ᠤ ᠠᠰᠠᠭᠤᠨ ᠯᠠᠪᠯᠠᠬᠤ ᠤᠲᠠᠰᠤ 4366666᠃      ᠡᠭᠦᠨ ᠤ ᠬᠠᠮᠲᠤ ᠳ᠋ᠦᠩ ᠾᠧ ᠶᠢᠨ ᠨᠡᠶᠢᠲᠡ ᠶᠢᠨ ᠣᠩᠭᠤᠨ᠂ ᠲᠢᠶᠠᠨ ᠲᠠᠩ ᠶᠤᠸᠠᠨ ᠨᠡᠶᠢᠲᠡ ᠶᠢᠨ ᠣᠩᠭᠤᠨ ᠳᠤ ᠦᠨ᠎ᠡ ᠲᠥᠯᠥᠪᠦᠷᠢ ᠦᠭᠡᠢ ᠪᠠᠷ ︽ᠰᠣᠷᠭᠤᠭ ᠴᠡᠴᠡᠭ ᠢᠶᠠᠷ ᠴᠠᠭᠠᠰᠤ ᠰᠢᠲᠠᠭᠠᠬᠤ ᠶᠢ ᠲᠥᠯᠥᠭᠡᠯᠡᠬᠦ︾ ᠶᠢ ᠬᠠᠩᠭᠠᠵᠤ᠂ ᠰᠣᠷᠭᠤᠭ ᠴᠡᠴᠡᠭ ᠢᠶᠠᠷ ᠰᠠᠨᠠᠭ᠎ᠠ ᠪᠠᠨ ᠢᠯᠡᠳᠭᠡᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠮᠠᠶ᠋ᠢᠭ ᠢᠶᠠᠷ ᠨᠠᠰᠤ ᠪᠠᠷᠠᠭᠰᠠᠨ ᠬᠥᠮᠦᠰ ᠢᠶᠠᠨ ᠲᠠᠬᠢᠳᠠᠭ᠃      ᠬᠠᠩᠰᠢ ᠶᠢᠨ ᠬᠤᠭᠤᠴᠠᠭᠠᠨ ᠳᠤ ᠥᠷᠭᠡᠨ ᠣᠯᠠᠨ ᠬᠤᠲᠠ ᠶᠢᠨ ᠠᠷᠠᠳ ᠪᠣᠯᠪᠠᠰᠤᠨ ᠢᠶᠠᠷ ᠲᠠᠬᠢᠯᠭ᠎ᠠ ᠬᠢᠵᠦ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠶᠠᠪᠤᠵᠤ᠂ ᠡᠮᠬᠢ ᠳᠢᠭᠯᠢᠮ ᠢ ᠵᠢᠷᠤᠮᠯᠠᠨ᠂ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠶ᠃                                  ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ                                         2025 ᠣᠨ ᠤ 3 ᠰᠠᠷ᠎ᠠ ᠶᠢᠨ 31 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1