3 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ︽ᠬᠥᠳᠡᠭᠡ ᠲᠣᠰᠬᠤᠨ ᠤ | ᠠᠯᠳᠠᠷᠲᠤ ᠠᠵᠢᠯᠯᠠᠭ᠎ᠠ︾ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠨᠠᠮ ᠵᠠᠰᠠᠭ ᠤᠨ | ᠲᠣᠮᠣ ᠠᠰᠠᠷ ᠤᠨ D327 ᠬᠤᠷᠠᠯ ᠤᠨ ᠬᠡᠷ ᠲᠤ ᠲᠣᠭᠲᠠᠭᠰᠠᠨ ᠴᠠᠭ ᠲᠠᠭᠠᠨ ᠬᠤᠷᠠᠯᠳᠤᠵᠤ᠂ ᠳ᠋ᠦᠩ ᠾᠧ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠪᠣᠯᠪᠠᠰᠤᠷᠠᠭᠤᠯᠤᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠣᠭᠤᠷᠢᠭ ᠤᠨ ᠬᠤᠪᠢᠶᠠᠷᠢᠯᠠᠯ ᠤᠨ ᠭᠠᠵᠠᠷ ᠤᠨ ᠨᠡᠷᠡᠶᠢᠳᠦᠯ ᠤᠨ ᠬᠠᠷᠢᠭᠤᠴᠠᠯᠭᠠᠲᠠᠨ | ᠂ ᠠᠵᠢᠯᠲᠠᠨ ᠢ ᠲᠣᠮᠢᠯᠠᠨ ᠢᠳᠡᠪᠬᠢᠲᠡᠶ ᠬᠤᠷᠠᠯ ᠳᠤ ᠣᠷᠣᠯᠴᠠᠭᠤᠯᠵᠤ᠂ ︽ᠬᠥᠳᠡᠭᠡ ᠲᠣᠰᠬᠤᠨ ᠤ ᠨᠠᠷᠠᠲᠤ | ᠠᠵᠢᠯᠯᠠᠭ᠎ᠠ︾ ᠶᠢᠨ ᠬᠠᠮᠢᠶ᠎ᠠ ᠪᠥᠬᠦᠶ ᠠᠭᠤᠯᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠵᠤ᠂ ᠳ᠋ᠦᠩ ᠾᠧ | ᠲᠣᠭᠤᠷᠢᠭ ᠤᠨ ᠬᠥᠳᠡᠭᠡ ᠲᠣᠰᠬᠤᠨ ᠤ ᠭᠠᠵᠠᠷ ᠤᠨ ᠨᠡᠷᠡᠶᠢᠳᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠳᠤ ᠪᠠᠲᠤ ᠰᠠᠭᠤᠷᠢ ᠲᠠᠯᠪᠢᠵᠤ ᠥᠭᠪᠡ᠃ | ᠪᠣᠯᠪᠠᠰᠤᠷᠠᠯ ᠤᠨ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠶᠠᠨ ᠬᠤᠶ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠶᠢᠨ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ᠂ | ᠬᠠᠷᠠᠯᠲᠠ ᠡᠭᠦᠷᠭᠡ ᠵᠢᠴᠢ ᠬᠡᠷᠡᠭᠵᠢᠭᠦᠯᠬᠦ ᠭᠤᠤᠯᠳᠠᠯᠭ᠎ᠠ ᠶᠢᠨ ᠲᠣᠭᠤᠷᠢᠨ ᠳᠤ ᠨᠠᠷᠢᠨ ᠨᠢᠮᠪᠠᠶ ᠲᠠᠶᠢᠯᠤᠮᠵᠢ ᠬᠢᠵᠦ᠂ | ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢ ᠨᠡᠷᠡᠶᠢᠳᠴᠦ | ᠬᠠᠯᠠᠬᠤ ᠶᠢ ᠵᠢᠷᠤᠮᠵᠢᠭᠤᠯᠬᠤ ᠶᠠᠪᠤᠴᠠ᠂ ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢᠨ ᠰᠣᠶᠣᠯ ᠢ ᠠᠭᠤᠳᠠᠯᠬᠤ ᠪᠠ | ᠤᠯᠠᠮᠵᠢᠯᠠᠬᠤ ᠶᠢᠨ ᠴᠢᠬᠤᠯᠠ ᠠᠴᠢ ᠬᠤᠯᠪᠣᠭᠳᠠᠯ ᠪᠠ ᠪᠦᠲᠦᠮᠵᠢᠲᠡᠶ ᠠᠷᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ | ᠵᠠᠳᠠᠯᠪᠠ᠃ ᠪᠣᠯᠪᠠᠰᠤᠷᠠᠭᠤᠯᠤᠯ ᠢᠶᠠᠷ ᠳᠡᠮᠵᠢᠨ᠂ ᠨᠢᠭᠡ ᠲᠠᠯ᠎ᠠ ᠪᠠᠷ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ | ᠳᠤ ᠨᠠᠩ ᠭᠦᠨᠵᠡᠭᠡᠶ᠂ ᠪᠥᠬᠦ ᠲᠠᠯ᠎ᠠ ᠶᠢᠨ ᠲᠠᠨᠢᠯᠲᠠ ᠲᠠᠢ ᠪᠣᠯᠵᠣ᠂ ᠭᠠᠵᠠᠷ ᠤᠨ ᠨᠡᠷᠡᠶᠢᠳᠦᠯ ᠤᠨ ᠠᠵᠢᠯ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠠᠬᠢ ᠴᠢᠬᠤᠯᠠ ᠦᠢᠯᠡᠳᠦᠯ ᠢ ᠤᠯᠠᠮ | ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ ᠵᠢᠷᠤᠮᠵᠢᠭᠰᠠᠨ᠂ ᠰᠣᠶᠣᠯ ᠤᠨ ᠠᠭᠤᠯᠭ᠎ᠠ ᠪᠠᠷ ᠪᠠᠶᠠᠯᠢᠭ ᠬᠥᠳᠡᠭᠡ | ᠲᠣᠰᠬᠤᠨ ᠤ ᠭᠠᠵᠠᠷ ᠤᠨ ᠨᠡᠷᠡᠶᠢᠳᠦᠯ ᠪᠣᠯ ᠬᠥᠳᠡᠭᠡ ᠲᠣᠰᠬᠤᠨ ᠤ ᠭᠠᠵᠠᠷ ᠣᠷᠣᠨ ᠤ ᠲᠡᠮᠳᠡᠭ ᠪᠣᠯᠬᠤ ᠪᠠᠷ ᠪᠠᠷᠠᠬᠤ | ᠥᠬᠡᠶ᠂ ᠨᠠᠩ ᠴᠤ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠬᠥᠳᠡᠭᠡ ᠲᠣᠰᠬᠤᠨ ᠤ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠠᠩᠭᠢᠯᠠᠭ᠎ᠠ ᠶᠢᠨ ᠡᠯᠧᠮᠧᠨ᠋ᠲ ᠪᠣᠯᠬᠤ ᠶᠢ ᠲᠠᠨᠢᠵᠤ | ᠣᠯᠤᠭᠰᠠᠨ ᠪᠠᠶᠢᠨ᠎ᠠ᠃ ᠨᠥᠭᠦᠭᠡ ᠲᠠᠯ᠎ᠠ ᠪᠠᠷ᠂ ᠬᠥᠳᠡᠭᠡ ᠲᠣᠰᠬᠤᠨ ᠤ ᠭᠠᠵᠠᠷ ᠤᠨ ᠨᠡᠷᠡᠶᠢᠳᠦᠯ ᠤᠨ ᠠᠵᠢᠯ ᠢ | ᠥᠷᠨᠢᠭᠦᠯᠬᠦ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠰᠢᠰᠲ᠋ᠧᠮ ᠲᠠᠢ ᠡᠵᠡᠮᠰᠢᠵᠦ᠂ ᠬᠡᠷᠬᠢᠨ ᠰᠢᠨᠵᠢᠯᠡᠬᠦ | ᠤᠬᠠᠭᠠᠨᠴᠢ ᠠᠷᠭ᠎ᠠ ᠶᠢ ᠬᠡᠷᠡᠭᠯᠡᠨ ᠭᠠᠵᠠᠷ ᠤᠨ ᠨᠡᠷᠡᠶᠢᠳᠦᠯ ᠤᠨ ᠨᠡᠶᠢᠳᠡᠮ ᠪᠠᠶᠢᠴᠠᠭᠠᠯᠲᠠ ᠬᠢᠬᠦ᠂ ᠬᠥᠳᠡᠭᠡ | ᠲᠣᠰᠬᠤᠨ ᠤ ᠭᠠᠵᠠᠷ ᠤᠨ ᠨᠡᠷᠡᠶᠢᠳᠦᠯ ᠤᠨ ᠠᠷᠤ ᠳᠠᠬᠢ ᠲᠡᠦᠬᠡ ᠰᠣᠶᠣᠯ ᠤᠨ ᠠᠭᠤᠯᠤᠭᠳᠠᠬᠤᠨ ᠢ ᠬᠡᠷᠬᠢᠨ ᠨᠠᠷᠢᠯᠢᠭ | ᠣᠨᠣᠴᠠᠲᠠᠶ ᠪᠠᠷ ᠪᠣᠯᠪᠠᠰᠤᠷᠠᠭᠤᠯᠬᠤ ᠵᠢᠴᠢ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ | ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠵᠡᠷᠭᠡ ᠶᠢ ᠬᠡᠷᠬᠢᠨ ᠲᠡᠭᠦᠯᠳᠡᠷᠵᠢᠭᠦᠯᠵᠦ᠂ | ᠡᠲᠡᠭᠡᠷ ᠤᠷ᠎ᠠ ᠴᠢᠳᠠᠪᠤᠷᠢ ᠨᠢ ᠵᠠᠯᠭᠠᠮᠵᠢ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠪᠣᠯᠤᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠬᠥᠳᠡᠭᠡ ᠲᠣᠰᠬᠤᠨ ᠤ ᠭᠠᠵᠠᠷ ᠤᠨ ᠨᠡᠷᠡᠶᠢᠳᠦᠯ ᠤᠨ ᠠᠵᠢᠯ ᠤᠨ ᠬᠦᠷᠢᠶ᠎ᠡ ᠴᠠᠷᠠᠭ᠎ᠠ ᠳᠤ ᠴᠢᠭᠯᠡᠯ ᠢ | ᠲᠣᠳᠣᠷᠬᠠᠶ ᠵᠢᠭᠠᠵᠤ ᠥᠭᠴᠡᠶ᠃ ᠵᠠᠯᠭᠠᠭᠠᠳ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠪᠣᠯᠪᠠᠰᠤᠷᠠᠯ ᠤᠨ ᠰᠤᠷᠤᠭᠰᠠᠨ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳ᠋ᠦᠩ ᠾᠧ ᠲᠣᠭᠤᠷᠢᠭ ᠤᠨ | ᠬᠥᠳᠡᠭᠡ ᠲᠣᠰᠬᠤᠨ ᠤ ᠬᠥᠭᠵᠢᠯᠲᠡ ᠶᠢᠨ ᠣᠨᠴᠠᠯᠢᠭ ᠲᠠᠢ ᠤᠶᠠᠯᠳᠤᠭᠤᠯᠤᠨ᠂ ︽ᠬᠥᠳᠡᠭᠡ ᠲᠣᠰᠬᠤᠨ ᠤ ᠠᠯᠳᠠᠷᠲᠤ | ᠠᠵᠢᠯᠯᠠᠭ᠎ᠠ︾ ᠶᠢ ᠡᠮᠬᠢ ᠵᠢᠷᠤᠮ ᠲᠠᠢ ᠠᠬᠢᠭᠤᠯᠵᠤ᠂ ᠳ᠋ᠦᠩ ᠾᠧ ᠲᠣᠭᠤᠷᠢᠭ ᠤᠨ ᠣᠨᠴᠠᠯᠢᠭ ᠲᠠᠢ ᠪᠠᠶᠢᠬᠤ᠂ | ᠲᠡᠦᠬᠡ ᠰᠣᠶᠣᠯ ᠢ ᠢᠯᠡᠷᠡᠭᠦᠯᠬᠦ᠂ ᠬᠥᠳᠡᠭᠡ ᠲᠣᠰᠬᠤᠨ ᠤ ᠬᠥᠭᠵᠢᠯᠲᠡ ᠳᠤ ᠦᠢᠯᠡᠴᠢᠯᠡᠬᠦ ᠨᠢᠭᠡ ᠪᠦᠯᠦᠭ ᠴᠢᠨᠠᠷ | ᠰᠠᠶᠢᠲᠠᠶ ᠭᠠᠵᠠᠷ ᠤᠨ ᠨᠡᠷ᠎ᠡ ᠶᠢ ᠴᠢᠷᠮᠠᠶᠢᠨ ᠪᠣᠶ ᠪᠣᠯᠭᠠᠵᠤ᠂ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ | ᠲᠣᠭᠤᠷᠢᠭ ᠬᠤᠪᠢᠶᠠᠷᠢᠯᠠᠭᠰᠠᠨ ᠭᠠᠵᠠᠷ ᠤᠨ ᠨᠡᠷ᠎ᠡ ᠬᠢᠭᠡᠳ | ᠨᠡᠶᠢᠭᠡᠮ ᠤᠨ ᠶᠠᠪᠤᠳᠠᠯ ᠤᠨ ᠲᠠᠰᠤᠭ | | 2025 ᠣᠨ ᠤ 3 ᠰᠠᠷ᠎ᠠ ᠶᠢᠨ 26 ᠤ ᠡᠳᠦᠷ |