ᠬᠠᠪᠤᠷ ᠤᠨ ᠤᠷᠢᠬᠠᠨ ᠰᠠᠯᠬᠢ ᠰᠢᠨ᠎ᠡ ᠨᠣᠭᠤᠭᠠᠨ ᠦᠩᠭᠡ ᠶᠢ ᠦᠯᠢᠶᠡᠵᠦ᠂ ᠶᠠᠭ ᠮᠣᠳᠣ ᠲᠠᠷᠢᠬᠤ ᠴᠠᠭ ᠪᠠᠶᠢᠨ᠎ᠠ᠃ | 4 ᠰᠠᠷ᠎ᠠ ᠶᠢᠨ 10 ᠤ ᠡᠳᠦᠷ᠂ ᠰᠠᠷᠠᠴᠢᠨ ᠪᠠᠯᠭᠠᠰᠤᠨ ᠤ ᠠᠳᠣᠭᠤᠴᠢᠨ ᠲᠣᠰᠬᠤᠨ ᠤ ᠬᠤᠶᠢᠲᠤ ᠲᠠᠯ᠎ᠠ ᠶᠢᠨ ᠳᠠᠯᠠᠨ | ᠬᠠᠷ᠎ᠠ ᠠᠭᠤᠯᠠ ᠶᠢᠨ ᠡᠮᠦᠨ᠎ᠡ ᠪᠠᠯ ᠳᠤ ᠮᠣᠳᠣ ᠳᠠᠷᠢᠬᠤ ᠲᠤᠬᠠᠶ ᠶᠢᠨ ᠲᠠᠯᠠᠪᠠᠢ ᠳᠤ᠂ ᠤᠯᠠᠭᠠᠨ ᠲᠤᠭ ᠨᠠᠮᠢᠷᠠᠵᠤ᠂ | ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠵᠢᠴᠢ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠨᠡᠶᠢᠭᠡᠮ ᠤᠨ ᠪᠦᠯᠬᠦᠮ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ | ᠃ | | ︽ᠪᠤᠰᠢᠭᠤᠬᠠᠨ ᠢᠷ᠎ᠡ᠂ ᠨᠠᠳᠠ ᠳᠤ ᠵᠤᠯᠵᠠᠭ᠎ᠠ ᠮᠣᠳᠣ ᠣᠰᠣᠯᠠᠬᠤ ᠰᠠᠭᠤᠯᠠᠭ᠎ᠠ ᠶᠢ ᠥᠭᠭᠦᠭᠡᠷᠡᠢ︕︾ ᠮᠣᠳᠣ | ᠳᠠᠷᠢᠬᠤ ᠳᠤ ᠣᠷᠣᠯᠴᠠᠭᠰᠠᠨ ᠰᠠᠶᠢᠨ ᠳᠤᠷ᠎ᠠ ᠶᠢᠨ ᠦᠢᠯᠡᠴᠢᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠣᠷᠭᠢᠯᠵᠤ᠂ ᠡᠷᠴᠢ ᠵᠣᠷᠢᠭ ᠲᠡᠭᠦᠯᠳᠡᠷ ᠪᠠᠶᠢᠵᠤ᠂ ᠵᠠᠷᠢᠮ ᠨᠢ ᠬᠦᠷᠵᠡ ᠡᠷᠭᠢᠭᠦᠯᠦᠨ ᠰᠢᠷᠣᠢ ᠨᠡᠮᠡᠵᠦ᠂ ᠵᠠᠷᠢᠮ ᠨᠢ | ᠵᠤᠯᠵᠠᠭ᠎ᠠ ᠮᠣᠳᠣ ᠰᠠᠭᠤᠯᠭᠠᠨ ᠰᠢᠷᠣᠢ ᠨᠡᠮᠡᠵᠦ᠂ ᠵᠠᠷᠢᠮ ᠨᠢ ᠤᠰᠤ ᠤᠰᠤᠯᠠᠵᠤ ᠪᠠᠶᠢᠪᠠ᠃ ᠤᠯᠠᠨ ᠢᠶᠠᠷ ᠢᠶᠠᠨ ᠠᠵᠢᠯ | ᠬᠤᠪᠢᠶᠠᠷᠢᠯᠠᠨ ᠬᠠᠮᠲᠤᠷᠠᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠲᠤᠬᠠᠢ ᠶᠢᠨ ᠲᠠᠯᠠᠪᠠᠢ ᠳᠤ ᠬᠦᠷ | ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠤᠯᠠᠨ ᠤ ᠰᠢᠷᠭᠠᠭᠤ ᠬᠥᠳᠡᠯᠮᠦᠷᠢ ᠪᠠᠷ ᠳᠠᠮᠵᠢᠨ᠂ ᠨᠢᠭᠡ | ᠰᠠᠭᠤᠷᠢ ᠮᠣᠳᠣ ᠶᠢ ᠰᠢᠮᠡᠵᠢᠭᠦᠯᠤᠨ ᠦᠩ ᠰᠢᠮᠡᠯᠢᠭ ᠬᠥᠷᠥᠰᠥᠨ ᠳᠤ ᠰᠠᠭᠤᠯᠭᠠᠵᠤ᠂ ᠬᠠᠷᠠᠭ᠎ᠠ ᠪᠠᠨ ᠲᠠᠯᠪᠢᠨ ᠬᠠᠷᠠᠵᠤ | ᠂ ᠰᠢᠨ᠎ᠡ ᠪᠠᠷ ᠲᠠᠷᠢᠭᠰᠠᠨ ᠵᠤᠯᠵᠠᠭ᠎ᠠ ᠮᠣᠳᠣ ᠲᠡᠷᠢ ᠲᠡᠭᠰᠢ ᠵᠢᠭᠳᠡᠷᠡᠨ᠂ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ | ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠠᠪᠤᠷ ᠤᠨ ᠡᠬᠡ ᠭᠠᠵᠠᠷ ᠲᠤ ᠰᠢᠨ᠎ᠡ ᠨᠣᠭᠤᠭᠠᠨ ᠥᠩᠭᠡ ᠶᠢ | ᠨᠡᠮᠡᠷᠢᠯᠡᠵᠡᠢ᠃ | | ︽ᠪᠢᠳᠡ ᠮᠠᠶᠢᠯᠠᠰᠤ ᠶᠢ ᠬᠡᠷᠡᠭᠯᠡᠵᠦ᠂ ᠨᠡᠶᠢᠲᠡ 1000 ᠰᠢᠬᠠᠮ ᠰᠠᠭᠤᠷᠢ ᠳᠠᠷᠢᠵᠤ᠂ ᠰᠡᠭᠦᠯᠴᠢ ᠶᠢᠨ | ᠬᠤᠭᠤᠴᠠᠭᠠᠨ ᠳᠤ ᠪᠠᠰᠠ ᠲᠤᠰᠬᠠᠶ ᠬᠠᠮᠢᠶᠠᠷᠤᠨ ᠬᠠᠮᠠᠭᠠᠯᠠᠬᠤ ᠪᠦᠯᠬᠦᠮ ᠢ ᠵᠣᠬᠢᠶᠠᠨ ᠪᠠᠶᠢᠭᠤᠯᠤᠨ ᠲᠡᠭᠦᠨ ᠢ | ᠬᠠᠮᠢᠶᠠᠷᠤᠨ ᠬᠠᠮᠠᠭᠠᠯᠠᠵᠤ᠂ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ︾᠃ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠶᠢᠨ ᠵᠣᠷᠢᠯᠭ᠎ᠠ ᠨᠢ ᠳᠠᠯᠠᠨ ᠬᠠᠷ᠎ᠠ | ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠰᠠᠶᠢᠲᠤᠷ ᠬᠢᠵᠦ᠂ ᠥᠷᠭᠡᠨ ᠣᠯᠠᠨ ᠺᠠᠳ᠋ᠷ ᠠᠵᠢᠯᠲᠠᠨ ᠤ ᠠᠯᠪᠠᠨ | ᠵᠢᠷᠤᠮ ᠤᠨ ᠮᠣᠳᠣ ᠳᠠᠷᠢᠬᠤ ᠢᠳᠡᠪᠬᠢᠵᠢᠯ ᠢ ᠳᠠᠶᠢᠴᠢᠯᠠᠬᠤ ᠶᠢᠨ ᠬᠠᠮᠲᠤ᠂ ᠨᠠᠩ ᠣᠯᠠᠨ ᠰᠠᠭᠤᠭᠠᠯᠢ ᠠᠷᠠᠳ ᠣᠷᠴᠢᠨ | ᠠᠬᠤᠶ ᠶᠢᠨ ᠬᠠᠮᠠᠭᠠᠯᠠᠯᠲᠠ ᠶᠢᠨ ᠡᠩᠨᠡᠭᠡᠨ ᠳᠤ ᠣᠷᠣᠯᠴᠠᠬᠤ ᠶᠢ ᠤᠷᠢᠶᠠᠯᠠᠵᠤ᠂ ᠨᠡᠶᠢᠭᠡᠮ ᠤᠨ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠶᠢ ᠢᠳᠡᠪᠬᠢᠲᠡᠶ | ᠭᠦᠢᠴᠡᠳᠭᠡᠭᠦᠯᠬᠦ ᠶᠢᠨ ᠲᠥᠯᠥᠭᠡ ᠶᠤᠮ ᠭᠡᠵᠡᠶ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠠᠯᠠᠨ ᠬᠠᠷ᠎ᠠ ᠠᠭᠤᠯᠠ ᠶᠢᠨ | ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠲᠠ ᠬᠥᠳᠡᠭᠡ ᠶᠢᠨ | ᠬᠥᠮᠦᠰ ᠤᠨ ᠣᠷᠣᠰᠢᠨ ᠰᠠᠭᠤᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ |