ᠸᠠᠩ ᠷᠦᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
    4 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠵᠥᠪᠯᠡᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠳᠡᠭᠡᠳᠦ ᠱᠠᠲᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠠᠰᠠᠭᠤᠳᠠᠯ ᠤᠨ ᠲᠤᠬᠠᠢ ᠵᠠᠷᠯᠠᠯ ︽ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾᠂ ︽ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾᠂ ︽ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾᠂ ︽ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠪᠡ᠃ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠦᠢᠯᠡᠴᠢᠯᠡᠭᠡᠨ ᠤ ᠠᠵᠤ ᠠᠬᠤᠶᠢᠯᠠᠯ᠂ ᠪᠥᠬᠦ ᠲᠤᠭᠤᠷᠢᠭ ᠤᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠶᠢᠨ ᠬᠠᠮᠲᠤ ᠨᠠᠷᠢᠨ ᠬᠢᠨᠠᠮᠠᠭᠠᠶ ᠰᠤᠳᠤᠯᠵᠤ᠂ ᠤᠯᠤᠰ ᠲᠥᠷᠥ ᠶᠢᠨ ᠰᠡᠷᠭᠡᠭ ᠴᠢᠨᠠᠷ ᠢᠶᠠᠨ ᠳᠡᠭᠡᠭᠰᠢᠯᠡᠭᠦᠯᠵᠦ᠂ ᠵᠥᠪ ᠣᠨᠣᠪᠴᠢᠲᠠᠶ ᠪᠠᠶᠢᠳᠠᠯ ᠢᠶᠠᠷ ᠪᠣᠳᠠᠲᠠᠶ ᠠᠵᠢᠯ ᠢ ᠵᠠᠳᠠᠯᠤᠨ ᠵᠢᠯᠣᠭᠤᠳᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠲᠣᠭᠤᠷᠢᠭ ᠢ ᠲᠦᠬᠦᠭᠡᠷᠦᠮᠵᠢᠲᠦ ᠲᠠᠷᠢᠶᠠᠯᠠᠩ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠵᠣᠷᠢᠭᠵᠢᠭᠤᠯᠤᠨ ᠳᠡᠮᠵᠢᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠴᠦᠲᠡᠶ ᠭᠠᠷ ᠲᠠᠯᠪᠢᠵᠤ᠂ ︽ᠥᠴᠦᠬᠡᠨ ᠴᠦ ᠢᠯᠳᠠᠷ ᠬᠠᠶᠠᠬᠤ ᠥᠬᠡᠶ︾ ᠪᠠᠶᠢᠬᠤ ᠶᠢ ᠡᠷᠡᠰ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠶᠢ ᠵᠥᠷᠢᠴᠡᠭᠰᠡᠨ ᠡᠲᠡᠭᠡᠳ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠵᠠᠭᠪᠤᠷ ᠤᠨ ᠰᠢᠨ᠎ᠡ ᠶᠢ ᠡᠭᠦᠳᠴᠦ᠂ ᠴᠢᠳᠠᠪᠤᠷᠢᠲᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠠᠷᠢᠨ ᠨᠢᠮᠪᠠᠶ ᠬᠠᠮᠠᠭᠠᠯᠠᠬᠤ ᠬᠡᠷᠡᠭᠲᠡᠢ᠃    ᠬᠤᠷᠠᠯ ᠠᠴᠠ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠤᠬᠠᠭᠤᠯᠭ᠎ᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠰᠦᠯᠵᠢᠶᠡᠨ ᠤ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠲᠣᠣᠷ ᠰᠦᠯᠵᠢᠶ᠎ᠡ ᠶᠢ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶ᠎ᠠ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠭᠤᠤᠯᠳᠠᠯᠭ᠎ᠠ ᠲᠠᠢ ᠬᠦᠷᠢᠶ᠎ᠡ ᠪᠠ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠤᠨ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠨᠠᠮᠳᠠᠭᠤᠯᠬᠤ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠭ᠎ᠠ ᠶᠢ ᠳᠤᠷᠠᠳᠴᠤ᠂ ᠠᠵᠢᠯ ᠤᠨ ᠮᠥᠨ ᠴᠢᠨᠠᠷᠵᠢᠬᠤ ᠠᠬᠢᠴᠠ ᠶᠢ ᠠᠬᠢᠭᠤᠯᠬᠤ ᠬᠡᠷᠡᠭᠲᠡᠶ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠰᠢᠶᠠᠨ ᠤ ᠱᠠᠲᠤᠨ ᠤ ᠤᠳᠤᠷᠢᠳᠤᠯᠭ᠎ᠠ ᠪᠣᠯᠣᠨ ᠭᠤᠣᠯ ᠬᠠᠷᠢᠭᠤᠴᠠᠯᠭᠠᠲᠤ ᠨᠢᠭᠡᠴᠡ ᠨᠦᠭᠦᠳ ︽ᠭᠤᠷᠪᠠ ᠪᠠᠶᠢᠵᠤ ᠬᠤᠶᠠᠷ ᠢ ᠡᠷᠢᠬᠦ︾ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠳᠠᠭᠠᠭᠠᠴᠢᠯᠠᠨ ᠬᠤᠯᠪᠣᠭᠠᠯᠠᠬᠤ ᠡᠭᠦᠷᠭᠡ ᠴᠢᠳᠠᠪᠤᠷᠢ ᠪᠣᠯᠣᠨ ᠪᠠᠶᠢᠩᠭᠤᠵᠢᠭᠰᠠᠨ ᠲᠣᠬᠢᠷᠠᠭᠤᠯᠤᠯᠲᠠ ᠶᠢᠨ ᠲᠣᠭᠲᠠᠴᠠ ᠶᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠭ᠎ᠠ ᠵᠥᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ︽ᠬᠤᠪᠢᠰᠬᠠᠯᠲᠤ ᠠᠳᠠᠯ ᠠᠬᠤᠢ︾᠂ ︽ᠰᠡᠳᠬᠢᠯ ᠢ ᠳᠤᠯᠠᠭᠠᠴᠠᠭᠤᠯᠬᠤ ᠠᠵᠢᠯᠯᠠᠭᠠᠨ ᠤ ᠲᠠᠰᠤᠭ︾᠂ ︽ᠬᠠᠭᠤᠴᠢᠨ ᠬᠤᠷᠢᠶᠠᠯᠠᠯ ᠢ ᠥᠭᠡᠷᠡᠴᠢᠯᠡᠬᠦ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠦᠯᠢᠭᠡᠷ ᠬᠡᠪ ᠢ ᠬᠦᠳᠦᠯᠦᠨ ᠳᠠᠭᠠᠭᠤᠯᠬᠤ ᠶᠢ ᠲᠦᠷᠭᠡᠳᠬᠡᠨ ᠠᠬᠢᠭᠤᠯᠵᠤ᠂ ᠠᠮᠢᠵᠢᠷᠠᠯ ᠤᠨ ᠬᠦᠴᠦᠨ ᠪᠠ ᠦᠷ᠎ᠡ ᠪᠦᠲᠦᠮᠵᠢ ᠪᠠᠷ ᠪᠠᠶᠠᠯᠢᠭ ᠰᠢᠨ᠎ᠡ ᠬᠡᠯᠪᠡᠷᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠦᠷ᠎ᠡ ᠠᠰᠢᠭ ᠢ ᠨᠡᠮᠡᠭᠳᠡᠭᠦᠯᠬᠦ ︽ᠬᠠᠮ ᠨᠢᠳᠤᠷᠭ᠎ᠠ︾ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠤᠯᠠᠨ ᠲᠦᠮᠡᠨᠴᠢ ᠴᠢᠨᠠᠷ᠂ ᠲᠡᠷᠢᠭᠦᠨ ᠤ ᠴᠢᠨᠠᠷ᠂ ᠤᠯᠤᠰ ᠲᠦᠷᠦᠴᠢ ᠴᠢᠨᠠᠷ ᠢ ᠪᠠᠷᠢᠮᠲᠠᠯᠠᠵᠤ᠂ ᠵᠠᠰᠠᠭ ᠵᠠᠬᠢᠷᠭᠠᠨᠴᠢᠯᠠᠯᠲᠠ ᠪᠠ ᠵᠤᠭ᠎ᠠ ᠴᠡᠩᠭᠡᠯ ᠤᠨ ᠬᠡᠯᠪᠡᠷᠢᠯ ᠠᠴᠠ ᠵᠠᠶᠢᠯᠠᠰᠬᠢᠵᠦ᠂ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠰᠢᠯᠢᠳᠡᠭᠵᠢᠭᠦᠯᠬᠦ ᠬᠡᠷᠡᠭᠲᠡᠢ᠃ ᠨᠠᠮ ᠤᠨ ᠰᠤᠷᠭᠠᠭᠤᠯᠢ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ ᠢᠳᠡᠪᠬᠢᠲᠡᠶ ᠪᠠᠶᠢᠭᠤᠯᠵᠤ᠂ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠢᠭᠡ ᠪᠦᠯᠦᠭ ᠴᠢᠨᠠᠷ ᠰᠠᠶᠢᠲᠠᠶ ᠪᠠᠶᠢᠴᠠᠭᠠᠨ ᠰᠤᠳᠤᠯᠬᠤ ᠰᠡᠳᠦᠪ ᠢ ᠨᠠᠷᠢᠨ ᠨᠢᠮᠪᠠᠶ ᠲᠥᠯᠥᠪᠵᠢᠭᠦᠯᠵᠦ᠂ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1