ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ 2025 ᠣᠨ ᠤ ᠬᠠᠪᠤᠷ ᠤᠨ ᠤᠯᠠᠷᠢᠯ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ
ᠨᠡᠶᠢᠲᠡᠯᠡᠭᠰᠡᠨ ᠴᠠᠭ᠄
2025/4/14
    ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ᠂ ᠨᠢᠭᠡ ᠪᠦᠯᠦᠭ ᠳᠡᠭᠡᠳᠦ ᠳᠡᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠰᠤᠷᠭᠠᠨ ᠬᠥᠮᠦᠵᠢᠯ ᠤᠨ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠣᠷᠣᠭᠤᠯᠬᠤ ᠲᠥᠯᠥᠪᠯᠡᠭᠡ    ᠳᠡᠭᠡᠳᠦ ᠳᠡᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡ ᠲᠠᠢ ᠰᠤᠷᠭᠠᠨ ᠬᠥᠮᠦᠵᠢᠯ ᠤᠨ ᠴᠢᠳᠠᠪᠤᠷᠢᠲᠠᠨ ᠢ 40 ᠣᠷᠣᠭᠤᠯᠤᠨ ᠠᠪᠴᠢᠷᠠᠵᠤ ︵ᠳᠠᠭᠠᠯᠳᠤᠭᠤᠯᠤᠯ 1 ᠳᠤ ᠨᠠᠷᠢᠨ ᠦᠵᠡᠭᠡᠷᠡᠢ︶    ᠬᠤᠶᠠᠷ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠥᠬᠦᠴᠡᠯ    ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ ᠪᠥᠭᠡᠳ ᠡᠷᠦᠬᠡ ᠠᠮᠠ ᠶᠢᠨ ᠲᠠᠩᠰᠠ ᠶᠢ ᠬᠢᠵᠠᠭᠠᠷᠯᠠᠬᠤ ᠦᠭᠡᠢ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠰᠠᠶᠢᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠠᠵᠢᠯ ᠦᠢᠯᠡᠰ ᠤᠨ ᠰᠡᠳᠬᠢᠯ ᠢᠶᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ ᠳᠠᠭᠠᠵᠤ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠣᠳ ᠤᠨ ᠨᠥᠬᠦᠴᠡᠯ ᠪᠠ ᠰᠡᠳᠬᠢᠴᠡ ᠶᠢᠨ ᠬᠡᠪ ᠴᠢᠨᠠᠷ ᠲᠠᠢ ᠶᠤᠮ᠃    ︵ᠬᠤᠶᠠᠷ︶ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠦᠬᠦᠯᠢ ᠡᠳᠦᠷ ᠤᠨ ᠳᠦᠷᠢᠮᠲᠦ ᠲᠡᠭᠦᠰᠦᠭᠰᠡᠳ ︵2025 ᠣᠨ ᠤ ᠲᠤᠰ ᠬᠤᠭᠤᠴᠠᠭᠠᠨ ᠤ ᠲᠡᠭᠦᠰᠬᠦ ᠰᠤᠷᠤᠭᠴᠢ ᠶᠢ ᠪᠠᠭᠲᠠᠭᠠᠨ᠎ᠠ︶᠂ ᠵᠢᠩᠬᠢᠨᠢ ᠠᠩᠭᠢ ᠨᠢ ᠪᠦᠬᠦᠯᠢ 28 ᠨᠠᠰᠤ ᠶᠢ ᠳᠠᠪᠠᠭ᠋ᠤ ᠦᠭᠡᠢ ︵1997 ᠣᠨ ᠤ 4 ᠰᠠᠷ᠎ᠠ ᠶᠢᠨ 10 ᠤ ᠡᠳᠦᠷ ᠠᠴᠠ ᠰᠡᠭᠦᠯᠡᠷ︶᠂ ᠳ᠋ᠣᠺᠲ᠋ᠣᠷ ᠨᠢ ᠪᠦᠬᠦᠯᠢ 45 ᠨᠠᠰᠤ ᠶᠢ ᠳᠠᠪᠠᠭ᠋ᠤ ᠦᠭᠡᠢ ︵1980 ᠣᠨ ᠤ 4 ᠰᠠᠷ᠎ᠠ ᠶᠢᠨ 10 ᠤ ᠡᠳᠦᠷ ᠠᠴᠠ ᠰᠡᠭᠦᠯᠡᠷ︶᠃ ᠲᠤᠰᠬᠠᠢ ᠮᠡᠷᠭᠡᠵᠢᠯ ᠤᠨ ᠠᠵᠢᠯ ᠲᠦᠷᠦᠯ ᠢ ᠨᠢ ᠰᠢᠰᠲ᠋ᠧᠮᠵᠢᠭᠦᠯᠬᠦ ᠬᠡᠷᠡᠭᠲᠡᠢ᠂ ᠥᠩᠭᠡᠷᠡᠭᠰᠡᠨ ᠵᠢᠯ ᠤᠳ ᠤᠨ ᠰᠤᠷᠤᠭᠴᠢᠳ ᠡᠷᠬᠡᠪᠰᠢ ᠵᠣᠬᠢᠬᠤ ᠰᠤᠷᠤᠯᠭ᠎ᠠ ᠶᠢᠨ ᠨᠠᠮᠲᠠᠷ ᠪᠠ ᠡᠷᠳᠡᠮ ᠤᠨ ᠴᠣᠯᠠ ᠶᠢᠨ ᠦᠨᠡᠮᠯᠡᠯ᠂ ᠵᠣᠬᠢᠴᠠᠩᠭᠤᠢ ᠰᠤᠷᠤᠯᠭ᠎ᠠ ᠶᠢᠨ ᠱᠠᠲᠤ ᠪᠠ ᠬᠠᠷᠠᠭᠠᠯᠵᠠᠭᠰᠠᠨ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢᠨ ᠬᠢᠷᠢ ᠬᠡᠮ ᠤᠨ ᠦᠨᠡᠮᠯᠡᠯ ︵ᠨᠡᠷ᠎ᠡ ᠮᠡᠳᠡᠭᠦᠯᠬᠦ ᠦᠶ᠎ᠡ ᠳᠤ ᠡᠷᠬᠡᠪᠰᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠬᠢᠷᠢ ᠲᠡᠩᠴᠡᠭᠰᠡᠨ ᠭᠡᠷᠡᠴᠢ ᠪᠤᠶᠤ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ᠂ ᠨᠡᠶᠢᠲᠡᠯᠢᠭ ᠬᠡᠯᠡᠨ ᠤ ᠦᠨᠡᠮᠯᠡᠯ︶ ᠣᠯᠬᠤ ᠬᠡᠷᠡᠭᠲᠡᠢ᠃   ︵ᠭᠤᠷᠪᠠ︶ ᠣᠷᠣᠭᠤᠯᠤᠨ ᠠᠪᠴᠢᠷᠠᠭᠰᠠᠨ ᠬᠥᠮᠦᠰ ᠳᠡᠭᠡᠷᠡᠬᠢ ᠨᠥᠬᠦᠴᠡᠯ ᠠᠴᠠ ᠭᠠᠳᠠᠨ᠎ᠠ ᠪᠠᠰᠠ ᠳᠣᠤᠷᠠᠬᠢ ᠮᠡᠲᠦ ᠰᠤᠷᠤᠯᠭ᠎ᠠ ᠶᠢᠨ ᠨᠠᠮᠲᠠᠷ ᠤᠨ ᠨᠥᠬᠦᠴᠡᠯ ᠤᠨ ᠨᠢᠭᠡ ᠶᠢ ᠪᠦᠷᠢᠯᠳᠦᠭᠦᠯᠬᠦ ᠬᠡᠷᠡᠭᠲᠡᠶ᠄    1. ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠳᠡᠰ︾ ᠤᠨ ᠪᠦᠲᠦᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠭᠡᠨ ᠤ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠮᠥᠷᠲᠡᠭᠡᠨ ᠵᠣᠬᠢᠬᠤ ᠰᠤᠷᠤᠯᠭ᠎ᠠ ᠶᠢᠨ ᠨᠠᠮᠲᠠᠷ ᠤᠨ ᠴᠣᠯᠠ ᠣᠯᠣᠭᠰᠠᠨ ᠪᠠᠶᠢᠬᠤ ᠬᠡᠷᠡᠭᠲᠡᠢ᠃    2. ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠭᠤᠣᠯᠳᠠᠯᠭ᠎ᠠ ᠲᠠᠢ ᠪᠠᠭᠰᠢ ᠶᠢᠨ ᠳᠡᠭᠡᠳᠦ ᠰᠤᠷᠭᠠᠭᠤᠯᠢ ︵ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂  ᠬᠤᠸᠠ ᠳ᠋ᠦᠩ ᠪᠠᠭᠰᠢ ᠶᠢᠨ ᠶᠡᠭᠡ ᠰᠤᠷᠭᠠᠭᠤᠯᠢ᠂ ᠬᠤᠸᠠ ᠵᠦᠩ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ︶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠮᠥᠷᠲᠡᠭᠡᠨ ᠵᠣᠬᠢᠬᠤ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢ ᠣᠯᠣᠭᠰᠠᠨ ᠪᠠᠶᠢᠬᠤ ᠬᠡᠷᠡᠭᠲᠡᠢ᠃    3. ᠨᠠᠨᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠨᠠᠨ ᠤ ᠪᠠᠭᠰᠢ ᠶᠢᠨ ᠶᠡᠭᠡ ᠰᠤᠷᠭᠠᠭᠤᠯᠢ᠂ ᠱᠠᠨᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠹᠦᠵᠢᠶᠠᠨ ᠤ ᠪᠠᠭᠰᠢ ᠶᠢᠨ ᠶᠡᠭᠡ ᠰᠤᠷᠭᠠᠭᠤᠯᠢ᠂ ᠠᠨᠾᠦ᠋ᠢ ᠶᠢᠨ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠤ ᠪᠠᠭᠰᠢ ᠶᠢᠨ ᠶᠡᠭᠡ ᠰᠤᠷᠭᠠᠭᠤᠯᠢ᠂ ᠾᠧᠪᠧᠶ ᠶᠢᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠠᠷᠪᠢᠨ ᠤ ᠪᠠᠭᠰᠢ ᠶᠢᠨ ᠶᠡᠭᠡ ᠰᠤᠷᠭᠠᠭᠤᠯᠢ᠂ ᠵᠧᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠲᠠᠢ ᠮᠥᠷᠲᠡᠭᠡᠨ ᠵᠣᠬᠢᠴᠠᠩᠭᠤᠶ ᠰᠤᠷᠤᠯᠴᠠᠭᠰᠠᠨ ᠨᠠᠮᠲᠠᠷ ᠲᠠᠢ ᠡᠷᠳᠡᠮᠲᠡᠨ ᠤ ᠴᠣᠯᠠ ᠶᠢ ᠣᠯᠣᠭᠰᠠᠨ ᠪᠠᠶᠢᠬᠤ ᠬᠡᠷᠡᠭᠲᠡᠢ᠃    4. ᠪᠡᠭᠡᠵᠢᠩ ᠤᠨ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠱᠠᠩᠬᠠᠶ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠭᠤᠸᠠᠩᠳᠦ᠋ᠩ ᠤᠨ ᠭᠠᠳᠠᠭᠠᠳᠤ ᠬᠡᠯᠡᠨ ᠤ ᠭᠠᠳᠠᠭᠠᠳᠤ ᠠᠷᠠᠯᠵᠢᠶᠠᠨ ᠤ ᠶᠡᠭᠡ ᠰᠤᠷᠭᠠᠭᠤᠯᠢ᠂ ᠪᠡᠭᠡᠵᠢᠩ ᠤᠨ ᠬᠤᠶᠠᠳᠤᠭᠠᠷ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ᠂ ᠰᠢ ᠠᠨ ᠤ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠲᠢᠶᠠᠨᠵᠢᠨ ᠤ ᠭᠠᠳᠠᠭᠠᠳᠤ ᠬᠡᠯᠡᠨ ᠤ ᠶᠡᠭᠡ ᠰᠤᠷᠭᠠᠭᠤᠯᠢ᠂ ᠳ᠋ᠠᠯᠢᠶᠠᠨ ᠤ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠲᠥᠷᠥᠯ ᠤᠨ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠵᠣᠬᠢᠬᠤ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢ ᠣᠯᠣᠭᠰᠠᠨ ᠪᠠᠶᠢᠬᠤ ᠬᠡᠷᠡᠭᠲᠡᠢ᠃    5. ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ᠂ ᠱᠠᠩᠬᠠᠶ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ᠂ ᠲᠢᠶᠠᠨᠵᠢᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠦᠬᠠᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠴᠧᠩᠳᠦ᠋ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠱᠧᠨᠶᠠᠩ ᠤᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠨᠡᠶᠢᠰᠯᠡᠯ ᠤᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠰᠢ ᠠᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠭᠤᠸᠠᠩᠵᠧᠦ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠵᠣᠬᠢᠬᠤ ᠰᠤᠷᠤᠯᠭ᠎ᠠ ᠶᠢᠨ ᠨᠠᠮᠲᠠᠷ ᠲᠠᠢ ᠡᠷᠳᠡᠮᠲᠡᠨ ᠤ ᠴᠣᠯᠠ ᠶᠢ ᠣᠯᠣᠭᠰᠠᠨ ᠪᠠᠶᠢᠬᠤ ᠬᠡᠷᠡᠭᠲᠡᠢ᠃    6. ᠲᠥᠪ ᠤᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠳᠤᠮᠳᠠᠳᠤ ᠤᠯᠤᠰ ᠤᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠱᠠᠩᠬᠠᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠰᠧᠴᠤᠸᠠᠨ ᠤ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠰᠢᠩ ᠬᠠᠢ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠲᠢᠶᠠᠨᠵᠢᠨ ᠤ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠱᠧᠨ ᠶᠠᠩ ᠤᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ᠂ ᠰᠢ ᠠᠨ ᠤ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠲᠣᠰᠬᠠᠢ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠵᠣᠬᠢᠬᠤ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢ ᠣᠯᠣᠭᠰᠠᠨ ᠪᠠᠶᠢᠬᠤ ᠬᠡᠷᠡᠭᠲᠡᠢ᠃    7. ᠲᠥᠪ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠳᠤᠮᠳᠠᠳᠤ ᠤᠯᠤᠰ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠲᠢᠶᠠᠨᠵᠢᠨ ᠤ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠭᠤᠸᠠᠩᠵᠧᠦ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠰᠢ ᠠᠨ ᠤ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠯᠦ ᠰᠢᠶᠦ᠋ᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠰᠧᠴᠤᠸᠠᠨ ᠤ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠬᠤᠪᠧᠶ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠲᠥᠷᠥᠯ ᠤᠨ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠵᠣᠬᠢᠬᠤ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢ ᠣᠯᠣᠭᠰᠠᠨ ᠪᠠᠶᠢᠬᠤ ᠬᠡᠷᠡᠭᠲᠡᠢ᠃    ᠵᠡᠭᠦᠯᠲᠡ᠄ ᠰᠢᠯᠭᠠᠭᠤᠯᠤᠭᠴᠢ ᠭᠤᠣᠯ ᠰᠣᠷᠣᠯᠴᠠᠭᠰᠠᠨ ᠡᠷᠳᠡᠮ ᠤᠨ ᠴᠣᠯᠠ ᠶᠢ ᠰᠤᠷᠬᠤ ᠪᠠᠷ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠣᠷᠣᠯᠴᠠᠬᠤ ᠬᠡᠷᠡᠭᠲᠡᠶ᠂ ᠬᠤᠶᠠᠳᠤᠭᠠᠷ ᠡᠷᠳᠡᠮ ᠤᠨ ᠴᠣᠯᠠ᠂ ᠬᠤᠶᠠᠷ ᠡᠷᠳᠡᠮ ᠤᠨ ᠴᠣᠯᠠ᠂ ᠬᠠᠪᠰᠤᠷᠤᠨ ᠰᠤᠷᠬᠤ ᠡᠷᠳᠡᠮ ᠤᠨ ᠴᠣᠯᠠ ᠪᠠᠷ ᠨᠡᠷ᠎ᠡ ᠮᠡᠳᠡᠭᠦᠯᠵᠦ ᠪᠣᠯᠬᠤ ᠦᠭᠡᠢ᠂ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠲᠡᠭᠦᠰᠦᠭᠰᠡᠨ ᠰᠤᠷᠤᠭᠴᠢᠳ ᠨᠢᠭᠡᠨᠲᠡ ᠣᠯᠤᠭᠰᠠᠨ ᠰᠤᠷᠤᠯᠭ᠎ᠠ ᠶᠢᠨ ᠨᠠᠮᠲᠠᠷ ᠪᠠ ᠡᠷᠳᠡᠮ ᠤᠨ ᠴᠣᠯᠠ ᠪᠠᠷ ᠨᠡᠷ᠎ᠡ ᠮᠡᠳᠡᠭᠦᠯᠵᠦ ᠪᠣᠯᠬᠤ ᠦᠭᠡᠢ᠃    ︵ᠲᠦᠷᠪᠡ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠤᠰ ᠤᠳᠠᠭᠠᠨ ᠤ ᠣᠷᠣᠭᠤᠯᠤᠨ ᠠᠪᠴᠢᠷᠠᠬᠤ ᠬᠡᠪᠴᠢᠶᠡᠨ ᠳᠤ ᠣᠷᠣᠭᠤᠯᠬᠤ ᠦᠭᠡᠢ᠄    1. ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠭᠴᠢ᠂ ᠠᠰᠫᠢᠷᠠᠨᠲ ︵2025 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ ᠲᠡᠭᠦᠰᠦᠭᠰᠡᠨ ᠨᠥᠬᠦᠴᠡᠯ ᠳᠤ ᠨᠡᠶᠢᠴᠡᠬᠦ ᠲᠤᠰ ᠬᠤᠭᠤᠴᠠᠭᠠᠨ ᠤ ᠲᠡᠭᠦᠰᠦᠭᠰᠡᠨ ᠰᠤᠷᠤᠭᠴᠢ ᠶᠢ ᠪᠠᠭᠲᠠᠭᠠᠬᠤ ᠦᠭᠡᠢ︶    2. ᠬᠠᠮᠢᠶ᠎ᠠ ᠪᠦᠬᠦᠢ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠲᠤᠰᠠᠭᠠᠷ ᠳᠡᠭᠡᠳᠦ ᠰᠤᠷᠭᠠᠭᠤᠯᠢ ᠲᠡᠭᠦᠰᠦᠭᠰᠡᠳ ᠢ ᠨᠠᠶᠢᠳᠠᠨ ᠬᠥᠮᠦᠵᠢᠭᠦᠯᠵᠦ᠂ ᠬᠠᠨᠳᠤᠯᠭ᠎ᠠ ᠲᠠᠢ ᠬᠥᠮᠦᠵᠢᠭᠦᠯᠬᠦ ᠪᠠ ᠬᠤᠷᠰᠢᠯᠴᠠᠨ ᠰᠤᠷᠭᠠᠭᠤᠯᠢ ᠡᠷᠬᠢᠯᠡᠵᠦ ᠪᠠᠶᠢᠭ᠎ᠠ ᠰᠤᠷᠭᠠᠭᠤᠯᠢ ᠲᠡᠭᠦᠰᠦᠭᠰᠡᠳ ᠬᠢᠭᠡᠳ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ᠃    3. ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠭ᠎ᠠ ᠪᠠ ᠦᠢᠯᠡᠴᠢᠯᠡᠬᠦ ᠬᠤᠭᠤᠴᠠᠭ᠎ᠠ ᠨᠢ ᠬᠦᠷᠦᠭᠰᠡᠨ ᠦᠭᠡᠢ ᠬᠤᠲᠠ ᠶᠢᠨ ᠭᠠᠳᠠᠨᠠᠬᠢ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠲᠠᠢ ᠬᠥᠮᠦᠰ᠂ ᠬᠤᠲᠠ ᠶᠢᠨ ᠳᠣᠲᠣᠷᠠᠬᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠲᠠᠢ ᠬᠥᠮᠦᠰ᠃    4. ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ ᠬᠥᠮᠦᠰ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠬᠥᠮᠦᠰ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠬᠥᠮᠦᠰ ᠲᠤ ᠣᠷᠣᠭᠤᠯᠪᠠ᠃    5. ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠬᠦ ᠳᠤᠮᠳᠠ ᠭᠡᠮ ᠦᠢᠯᠡᠳᠬᠦ ᠵᠡᠷᠭᠡ ᠡᠯᠰᠡᠨ ᠬᠡᠷᠡᠭᠯᠡᠬᠦ ︵ᠤᠷᠢᠵᠤ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ ᠨᠤᠲᠠᠯᠠᠭᠳᠠᠭᠰᠠᠨ ᠪᠥᠭᠡᠳ ᠰᠢᠯᠭᠠᠨ ᠪᠠᠶᠢᠴᠠᠭᠠᠬᠤ ᠶᠢ ᠴᠠᠭᠠᠵᠠᠯᠠᠭᠰᠠᠨ ᠬᠤᠭᠤᠴᠠᠭᠠᠨ ᠳᠤ ᠪᠠᠶᠢᠭ᠎ᠠ ᠬᠥᠮᠦᠰ᠃    6. ᠠᠯᠪᠠᠨ ᠳᠤ ᠪᠠᠶᠢᠭ᠎ᠠ ᠴᠡᠷᠢᠭ    7. ᠣᠷᠣᠭᠤᠯᠤᠭᠰᠠᠨ ᠤ ᠳᠠᠷᠠᠭ᠎ᠠ ᠳᠠᠷᠤᠢ ᠵᠠᠶᠢᠯᠠᠬᠤ ᠬᠠᠷᠢᠴᠠᠭ᠎ᠠ ᠪᠦᠷᠢᠯᠳᠦᠭᠰᠡᠨ ᠬᠥᠮᠥᠨ᠃    8. ᠬᠠᠤᠯᠢ ᠴᠠᠭᠠᠵᠠ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠲᠠᠲᠠᠨ ᠣᠷᠣᠭᠤᠯᠵᠤ ᠪᠣᠯᠬᠤ ᠦᠭᠡᠢ᠃   ᠭᠤᠷᠪᠠ᠂ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠵᠢᠴᠢ ᠲᠠᠰ ᠳᠠᠷᠠᠭᠠᠯᠠᠯ    ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠶᠡᠭᠡ ᠳᠡᠭᠡᠳᠦ ᠰᠤᠷᠭᠠᠭᠤᠯᠢ ᠳᠤ ᠣᠴᠢᠭᠤᠯᠤᠨ ᠤᠷᠢᠨ ᠬᠡᠷᠡᠭᠯᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠠᠯᠪᠠᠨ ᠵᠠᠷ ᠨᠡᠶᠢᠲᠡᠯᠡᠬᠦ᠂ ᠬᠢᠷᠢ ᠬᠡᠮ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ᠂ ᠨᠢᠭᠤᠷᠲᠠᠨ ᠰᠢᠯᠭᠠᠵᠤ ᠰᠢᠯᠭᠠᠨ ᠦᠨᠡᠯᠡᠬᠦ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ᠂ ᠵᠠᠷᠯᠠᠨ ᠨᠡᠶᠢᠲᠡᠯᠡᠬᠦ᠂ ᠤᠷᠢᠵᠤ ᠬᠡᠷᠡᠭᠯᠡᠬᠦ ᠭᠠᠷᠳᠠᠮ ᠭᠦᠢᠴᠡᠳᠬᠡᠬᠦ ᠵᠡᠷᠭᠡ ᠲᠠᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠤᠨ᠎ᠠ᠃    ︵ᠨᠢᠭᠡ︶ ᠠᠯᠪᠠᠨ ᠵᠠᠷ ᠨᠡᠶᠢᠲᠡᠯᠡᠵᠦ᠃ ᠴᠢᠳᠠᠪᠤᠷᠢᠲᠠᠨ ᠤ ︽ᠪᠤᠭᠤ︾ ᠦᠢᠯᠡᠴᠢᠯᠡᠭᠡᠨ ᠤ ᠲᠠᠪᠴᠠᠩ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ᠂ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ᠂ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ︽ᠳ᠋ᠦᠩ ᠾᠧ ᠶᠢᠨ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠣᠯᠠᠨ ᠨᠡᠶᠢᠲᠡ ᠶᠢᠨ ᠳ᠋ᠤᠭᠠᠷ᠂ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ ᠶᠢᠨ ᠰᠦᠯᠵᠢᠶᠡᠨ ᠥᠷᠲᠡᠭᠡ ᠵᠡᠷᠭᠡ ᠪᠠᠷ ᠳᠠᠮᠵᠢᠭᠤᠯᠤᠨ ᠨᠡᠶᠢᠭᠡᠮ ᠳᠤ ᠠᠯᠪᠠᠨ ᠵᠠᠷ ᠨᠡᠶᠢᠲᠡᠯᠡᠨ᠎ᠡ᠃    ᠨᠢᠭᠡᠳᠦᠭᠡᠷ ᠥᠷᠲᠡᠭᠡ᠄ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠰᠢᠨ ᠶᠦᠩ ᠬᠥᠳᠡᠯᠭᠡᠭᠡᠨ ᠤ ᠲᠥᠪ ︵ᠵᠡᠭᠦᠨ︶ ᠤᠨ 201 ᠲᠠᠰᠤᠭ    ᠴᠠᠭ᠄ 2025 ᠣᠨ ᠤ 4 ᠰᠠᠷ᠎ᠠ ᠶᠢᠨ 18 ᠤ ᠡᠳᠦᠷ ᠤᠨ 8᠄ 30    ᠪᠤᠰᠤᠳ ᠶᠡᠭᠡ ᠳᠡᠭᠡᠳᠦ ᠰᠤᠷᠭᠠᠭᠤᠯᠢ ᠶᠢᠨ ᠠᠶᠠᠨ ᠵᠠᠮ ᠤᠨ ᠲᠣᠬᠢᠷᠠᠭᠤᠯᠤᠯᠲᠠ ᠵᠢᠴᠢ ᠣᠷᠣᠭᠤᠯᠤᠨ ᠠᠪᠴᠢᠷᠠᠭᠰᠠᠨ ᠠᠵᠢᠯ ᠤᠨ ᠪᠠᠶᠢᠷᠢ ᠶᠢᠨ ᠬᠤᠪᠢᠷᠠᠯᠲᠠ ᠶᠢᠨ ᠪᠠᠶᠢᠳᠠᠯ ᠢ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ︽ᠳ᠋ᠦᠩ ᠾᠧ ᠶᠢᠨ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠣᠯᠠᠨ ᠨᠡᠶᠢᠲᠡ ᠶᠢᠨ ᠳ᠋ᠤᠭᠠᠷ ᠵᠢᠴᠢ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠰᠦᠯᠵᠢᠶᠠᠨ ᠳᠤ ᠴᠠᠭ ᠲᠤᠬᠠᠶ ᠳᠤ ᠨᠢ ᠠᠩᠬᠠᠷᠤᠭᠠᠷᠠᠢ᠃    ︵ᠬᠤᠶᠠᠷ︶ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ᠃ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠨᠡᠷ᠎ᠡ ᠮᠡᠳᠡᠭᠦᠯᠦᠭᠴᠢ ᠡᠷᠬᠡᠪᠰᠢ ᠳᠣᠤᠷᠠᠬᠢ ᠮᠠᠲ᠋ᠧᠷᠢᠶᠠᠯ ᠢᠶᠠᠨ ᠠᠪᠴᠤ ᠲᠣᠭᠲᠠᠭᠰᠠᠨ ᠴᠠᠭ ᠢᠶᠠᠷ ᠲᠣᠭᠲᠠᠭᠰᠠᠨ ᠭᠠᠵᠠᠷ ᠲᠤ ᠬᠦᠷᠴᠦ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠬᠡᠷᠡᠭᠲᠡᠶ᠃ ᠤᠳᠠᠭ᠎ᠠ ᠪᠦᠷᠢ ᠶᠢᠨ ᠨᠢᠭᠤᠷᠳᠠᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠰ ᠵᠥᠪᠬᠡᠨ ᠨᠢᠭᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠪᠣᠯᠤᠨ᠎ᠠ᠃    1. ︽ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ 2025 ᠣᠨ ᠤ ᠬᠠᠪᠤᠷ ᠤᠨ ᠤᠯᠠᠷᠢᠯ ᠳᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2 ᠳᠤ ᠦᠵᠡ︶ ᠵᠢᠴᠢ ᠬᠤᠪᠢ ᠬᠥᠮᠦᠨ ᠤ ᠲᠣᠪᠴᠢ ᠨᠠᠮᠲᠠᠷ᠂ ᠳᠠᠭᠠᠯᠳᠤᠭᠤᠯᠤᠯ 2 ᠢ ᠲᠠᠭᠯᠠᠨ ᠪᠢᠴᠢᠬᠦ ᠶᠢᠨ ᠬᠠᠮᠲᠤ ᠪᠤᠳᠤᠭᠲᠤ ᠳᠠᠷᠤᠮᠠᠯᠯᠠᠨ᠎ᠠ᠃    2. ᠬᠤᠪᠢ ᠬᠥᠮᠦᠨ ᠤ ᠪᠡᠶ᠎ᠡ ᠶᠢᠨ ᠦᠨᠡᠮᠯᠡᠯ ︵ᠪᠤᠶᠤ ᠬᠦᠴᠦᠨ ᠲᠠᠢ ᠬᠤᠭᠤᠴᠠᠭᠠᠨ ᠳᠣᠲᠣᠷᠠᠬᠢ ᠲᠦᠷ ᠴᠠᠭ ᠤᠨ ᠪᠡᠶ᠎ᠡ ᠶᠢᠨ ᠦᠨᠡᠮᠯᠡᠯ︶ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ    3. ᠳᠡᠬᠦᠰᠬᠦ ᠦᠨᠡᠮᠯᠡᠯ ᠪᠠ ᠰᠣᠷᠣᠯᠭ᠎ᠠ ᠶᠢᠨ ᠨᠠᠮᠲᠠᠷ ᠤᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ ︵2025 ᠣᠨ ᠤ ᠳᠤᠰ ᠵᠢᠯ ᠤᠨ ᠳᠡᠬᠦᠰᠦᠭᠰᠡᠨ ᠰᠤᠷᠤᠭᠴᠢ ᠳᠡᠬᠦᠰᠬᠦ ᠦᠨᠡᠮᠯᠡᠯ᠂ ᠡᠷᠳᠡᠮ ᠤᠨ ᠴᠤᠯᠠ ᠶᠢᠨ ᠦᠨᠡᠮᠯᠡᠯ ᠤᠯᠤᠭ᠎ᠠ ᠦᠬᠡᠢ ᠪᠤᠯ ᠪᠠᠶᠢᠭ᠎ᠠ ᠰᠤᠷᠭᠠᠭᠤᠯᠢ ᠶᠢᠨ ︵ᠰᠠᠯᠪᠤᠷᠢ︶ ᠪᠠ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠭᠠᠵᠠᠷ ᠤᠨ ︿ᠰᠤᠳᠤᠯᠬᠤ ᠰᠤᠷᠤᠭᠴᠢ ᠶᠢᠨ ᠳᠡᠬᠡᠳᠤ ᠵᠡᠷᠬᠡ ᠶᠢᠨ ᠰᠤᠳᠤᠯᠭᠠᠨ ᠤ ᠭᠠᠵᠠᠷ﹀ ᠶᠢᠨ ᠠᠯᠪᠠᠨ ᠲᠠᠮᠠᠭ᠎ᠠ ᠳᠠᠷᠤᠭᠰᠠᠨ ᠭᠡᠷᠡᠴᠢ︶ ᠪᠠᠶᠢᠬᠤ ᠬᠡᠷᠡᠭᠲᠡᠢ᠃    4. ᠰᠤᠷᠤᠯᠭ᠎ᠠ ᠶᠢᠨ ᠨᠠᠮᠲᠠᠷ ᠢ ᠡᠯᠧᠺᠳ᠋ᠷᠣᠨ ᠢᠶᠠᠷ ᠳᠠᠩᠰᠠᠯᠠᠨ ᠲᠡᠮᠳᠡᠭᠯᠡᠭᠰᠡᠨ ᠬᠦᠰᠦᠨᠦᠭᠲᠦ ︵ᠥᠩᠭᠡᠷᠡᠭᠰᠡᠨ ᠵᠢᠯ ᠤᠳ ᠤᠨ ᠰᠤᠷᠤᠭᠴᠢ ᠶᠢᠨ ᠬᠠᠩᠭᠠᠯᠭ᠎ᠠ︶᠂ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ︵ᠲᠣᠰ ᠵᠢᠯ ᠤᠨ ᠰᠤᠷᠤᠭᠴᠢ ᠬᠠᠩᠭᠠᠪᠠ︶ ᠃    5. ᠪᠠᠭᠰᠢ ᠶᠢᠨ ᠰᠤᠷᠭᠠᠭᠤᠯᠢ ᠶᠢᠨ ᠲᠥᠷᠥᠯ ᠤᠨ ᠲᠤᠰᠬᠠᠶ ᠮᠡᠷᠭᠡᠵᠢᠯ ᠠᠴᠠ ᠲᠡᠭᠦᠰᠦᠭᠰᠡᠳ ᠬᠢᠷᠢ ᠪᠦᠲᠦᠮᠵᠢ ᠶᠢᠨ ᠬᠠᠭᠤᠳᠠᠰᠤ ᠬᠠᠩᠭᠠᠬᠤ ᠪᠤᠶᠤ ᠳᠡᠭᠡᠳᠦ ᠰᠤᠷᠭᠠᠭᠤᠯᠢ ᠪᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠠᠴᠠ ᠭᠠᠷᠭᠠᠭᠰᠠᠨ ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠭᠡᠷᠡᠴᠢ ᠶᠢ ᠬᠠᠩᠭᠠᠬᠤ ᠬᠡᠷᠡᠭᠲᠡᠶ᠃    6. ᠪᠠᠭᠰᠢ ᠶᠢᠨ ᠬᠢᠷᠢ ᠬᠡᠮ ᠤᠨ ᠦᠨᠡᠮᠯᠡᠯ ︵ᠥᠩᠭᠡᠷᠡᠭᠰᠡᠨ ᠵᠢᠯ ᠤᠳ ᠤᠨ ᠰᠤᠷᠤᠭᠴᠢ ᠶᠢᠨ ᠬᠠᠩᠭᠠᠯᠲᠠ︶᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠭᠡᠷᠡᠴᠢ ᠪᠤᠶᠤ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ ︵ᠲᠤᠬᠠᠢ ᠶᠢᠨ ᠦᠶ᠎ᠡ ᠶᠢᠨ ᠣᠶᠤᠲᠠᠳ ᠤᠨ ᠬᠠᠩᠭᠠᠯᠲᠠ︶᠂ ᠨᠡᠶᠢᠲᠡᠯᠢᠭ ᠬᠡᠯᠡᠨ ᠤ ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ᠃    7. ᠨᠡᠷ᠎ᠡ ᠮᠡᠳᠡᠭᠦᠯᠦᠭᠰᠡᠨ ᠬᠥᠮᠦᠰ ᠪᠤᠭᠤᠲᠤ ᠬᠤᠲᠠ ᠶᠢᠨ ᠭᠠᠳᠠᠨᠠᠬᠢ ᠪᠠᠶᠢᠭᠤᠯᠭ᠎ᠠ ᠪᠤᠶᠤ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠣᠷᠣᠨ ᠲᠤᠭ᠎ᠠ ᠳᠤ ᠪᠠᠶᠢᠭ᠎ᠠ ᠠᠵᠢᠯᠲᠠᠨ ᠳᠤ ᠬᠠᠷᠢᠶᠠᠯᠠᠭᠳᠠᠪᠠᠯ᠂ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠬᠠᠷᠭᠤᠭᠤᠯᠤᠯᠲᠠ ᠳᠤ ᠣᠷᠣᠯᠴᠠᠬᠤ ᠦᠶ᠎ᠡ ᠳᠤ᠂ ᠨᠡᠷ᠎ᠡ ᠮᠡᠳᠡᠭᠦᠯᠵᠦ ᠵᠥᠪᠰᠢᠶᠡᠷᠡᠭᠦᠯᠬᠦ ᠪᠠᠷ ︵ᠠᠵᠢᠯᠲᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠷ᠎ᠡ ᠮᠡᠳᠡᠭᠦᠯᠬᠦ ᠬᠦᠰᠦᠨᠦᠭ ᠲᠤ ᠭᠠᠷ ᠤᠨ ᠦᠰᠦᠭ ᠵᠢᠷᠤᠬᠤ᠂ ᠲᠠᠮᠠᠭ᠎ᠠ ᠳᠠᠷᠤᠬᠤ︶ ᠪᠠ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ ᠦᠭᠡᠢ᠂ ᠦᠢᠯᠡᠴᠢᠯᠡᠭᠡᠨ ᠤ ᠬᠠᠮᠤᠭ ᠤᠨ ᠳᠣᠣᠷ᠎ᠠ ᠬᠤᠭᠤᠴᠠᠭᠠᠨ ᠳᠤ ᠪᠠᠶᠢᠬᠤ ᠦᠭᠡᠢ ᠶᠢᠨ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ ᠬᠡᠷᠡᠭᠲᠡᠢ᠃    8. ᠤᠷᠢᠨ ᠬᠡᠷᠡᠭᠯᠡᠬᠦ ᠭᠡᠷ᠎ᠡ ᠲᠣᠭᠲᠠᠭᠰᠠᠨ ᠪᠤᠶᠤ ᠬᠥᠳᠡᠯᠮᠦᠷᠢ ᠶᠢᠨ ᠭᠡᠷ᠎ᠡ ᠲᠣᠭᠲᠠᠭᠰᠠᠨ ᠨᠢ ᠬᠠᠷᠠᠬᠠᠨ ᠭᠡᠷ᠎ᠡ ᠶᠢᠨ ᠬᠤᠭᠤᠴᠠᠭᠠᠨ ᠳᠤ ᠪᠠᠶᠢᠭ᠎ᠠ ᠬᠥᠮᠦᠰ᠂ ᠣᠳᠣ ᠶᠢᠨ ᠠᠵᠢᠯᠯᠠᠵᠤ ᠪᠠᠶᠢᠭ᠎ᠠ ᠨᠢᠭᠡᠴᠡ ᠶᠢᠨ ᠮᠡᠳᠡᠭᠦᠯᠦᠨ ᠰᠢᠯᠭᠠᠭᠤᠯᠬᠤ ᠶᠢ ᠵᠥᠪᠰᠢᠶᠡᠷᠡᠭᠰᠡᠨ ᠭᠡᠷᠡᠴᠢ ︵ᠠᠵᠢᠯᠲᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠨᠡᠷ᠎ᠡ ᠮᠡᠳᠡᠭᠦᠯᠬᠦ ᠬᠦᠰᠦᠨᠦᠭᠲᠦ ᠳᠣᠲᠣᠷᠠᠬᠢ ᠵᠣᠬᠢᠴᠠᠩᠭᠤᠶ ᠣᠷᠣᠨ ᠪᠠᠶᠢᠷᠢ ᠳᠤ ᠭᠠᠷ ᠤᠨ ᠦᠰᠦᠭ ᠵᠢᠷᠤᠵᠤ᠂ ᠲᠠᠮᠠᠭ᠎ᠠ ᠳᠠᠷᠤᠬᠤ︶ ᠬᠠᠩᠭᠠᠬᠤ ᠬᠡᠷᠡᠭᠲᠡᠶ᠃    9. ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠬᠡᠯᠡᠯᠴᠡᠭᠡᠷ ᠤᠨ ᠪᠢᠴᠢᠭ︾ ︵2025 ᠣᠨ ᠤ ᠲᠤᠰ ᠬᠤᠭᠤᠴᠠᠭᠠᠨ ᠤ ᠰᠤᠷᠤᠭᠴᠢᠳ ᠲᠤ ᠬᠠᠩᠭᠠᠪᠠ︶᠃    10. ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ 3᠂ ᠭᠠᠷ ᠤᠨ ᠥᠰᠥᠭ ᠵᠢᠷᠤᠵᠤ ᠭᠠᠷ ᠤᠨ ᠥᠰᠥᠭ ᠵᠢᠷᠤᠪᠠ︶᠃ ᠳᠡᠭᠡᠷᠡᠬᠢ ᠮᠠᠲ᠋ᠧᠷᠢᠶᠠᠯ ᠨᠢ ᠴᠥᠮ ᠣᠭ ᠮᠠᠲ᠋ᠧᠷᠢᠶᠠᠯ᠂ ᠪᠠᠭᠤᠯᠭᠠᠪᠤᠷᠢ ᠶᠢ ᠲᠣᠰ ᠲᠣᠰ ᠨᠢᠭᠡ ᠬᠤᠪᠢ ᠪᠡᠯᠡᠳᠬᠡᠵᠦ᠂ ᠤᠷᠢᠳᠴᠢᠯᠠᠨ ᠳᠡᠭᠡᠷᠡᠬᠢ ᠲᠠᠰ ᠳᠠᠷᠠᠭᠠᠯᠠᠯ ᠢᠶᠠᠷ ᠬᠠᠮᠢᠶ᠎ᠠ ᠪᠥᠬᠦᠶ ᠮᠠᠲ᠋ᠧᠷᠢᠶᠠᠯ ᠤᠨ ᠣᠭ ᠮᠠᠲ᠋ᠧᠷᠢᠶᠠᠯ ᠪᠠ ᠪᠠᠭᠤᠯᠭᠠᠪᠤᠷᠢ ᠶᠢ ᠰᠠᠯᠭᠠᠨ ᠪᠠᠶᠢᠴᠠᠭᠠᠬᠤ ᠳᠤ ᠪᠡᠯᠡᠳᠬᠡᠭᠡᠷᠡᠶ᠃    ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ᠃ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠠᠴᠠ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ  ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠲᠤᠰᠬᠠᠶ ᠳᠤᠭᠤᠶᠢᠯᠠᠩ ᠤᠨ ᠠᠯᠪᠠᠨ ᠬᠡᠷ ᠠᠴᠠ ᠤᠷᠢᠭᠳᠠᠭᠰᠠᠳ ᠤᠨ ᠬᠢᠷᠢ ᠬᠡᠮ ᠢ ᠬᠢᠨᠠᠨ ᠪᠠᠶᠢᠴᠠᠭᠠᠬᠤ ᠶᠢᠨ ᠬᠠᠮᠲᠤ ᠤᠷᠢᠭᠳᠠᠭᠰᠠᠳ ᠤᠨ ᠬᠢᠷᠢ ᠬᠡᠮ ᠢ ᠬᠢᠨᠠᠨ ᠬᠠᠷᠭᠤᠭᠤᠯᠤᠭᠰᠠᠨ ᠪᠠᠶᠢᠳᠠᠯ ᠢ ᠬᠠᠷᠢᠭᠤ ᠲᠤᠰᠬᠠᠨ᠎ᠠ᠃ ᠠᠵᠢᠯ ᠤᠨ ᠪᠠᠶᠢᠷᠢ ᠶᠢᠨ ᠣᠷᠣᠭᠤᠯᠵᠤ ᠢᠷᠡᠭᠰᠡᠨ ᠬᠥᠮᠦᠨ ᠤ ᠲᠤᠭ᠎ᠠ ᠬᠢᠭᠡᠳ ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠳᠠᠮᠵᠢᠭᠠᠳ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠶᠢᠨ ᠬᠠᠷᠢᠴᠠᠯ ᠢ 1᠄ 3 ᠠᠴᠠ ᠳᠣᠣᠷ᠎ᠠ ᠦᠭᠡᠢ ᠪᠠᠶᠢᠪᠠᠯ ᠰᠠᠶ᠋ᠢ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠭᠤᠯᠵᠤ᠂ ᠨᠢᠭᠤᠷᠲᠠᠨ ᠰᠢᠯᠭᠠᠬᠤ ᠬᠢᠷᠢ ᠬᠡᠮ ᠢ ᠨᠤᠲᠠᠯᠠᠭᠰᠠᠨ ᠦᠷ᠎ᠡ ᠳ᠋ᠦᠩ ᠢ ᠲᠣᠰ ᠡᠳᠦᠷ ᠲᠤ ᠨᠡᠶᠢᠲᠡᠯᠡᠨ᠎ᠡ᠃ ᠤᠷᠢᠭᠳᠠᠭᠰᠠᠳ ᠤᠨ ᠲᠠᠭᠯᠠᠨ ᠪᠢᠴᠢᠭᠰᠡᠨ ᠬᠤᠪᠢ ᠬᠥᠮᠦᠨ ᠤ ᠮᠡᠳᠡᠭᠡ ᠵᠠᠩᠭᠢ ᠪᠠ ᠲᠤᠰᠢᠶᠠᠭᠰᠠᠨ ᠬᠠᠮᠢᠶ᠎ᠠ ᠪᠥᠬᠦᠶ ᠮᠠᠲ᠋ᠧᠷᠢᠶᠠᠯ ᠨᠢ ᠡᠷᠬᠡᠪᠰᠢ ᠦᠨᠡᠨ ᠪᠣᠳᠠᠲᠠᠶ᠂ ᠣᠨᠣᠪᠴᠢᠲᠠᠶ ᠪᠠᠶᠢᠵᠤ᠂ ᠮᠠᠲ᠋ᠧᠷᠢᠶᠠᠯ ᠢ ᠬᠠᠭᠤᠷᠮᠠᠭ ᠢᠶᠠᠷ ᠵᠣᠬᠢᠶᠠᠭᠰᠠᠳ ᠢ ᠣᠷᠣᠭᠤᠯᠤᠨ ᠠᠪᠴᠢᠷᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ᠃ ᠬᠢᠷᠢ ᠭᠡᠮ ᠤᠨ ᠬᠢᠨᠠᠯᠲᠠ ᠳᠤ ᠴᠢᠳᠠᠪᠤᠷᠢᠲᠠᠨ ᠣᠷᠣᠭᠤᠯᠤᠨ ᠠᠪᠴᠢᠷᠠᠬᠤ ᠪᠦᠬᠦ ᠶᠠᠪᠤᠴᠠ ᠳᠤ ᠲᠤᠤᠱᠯᠠᠭᠤᠯᠤᠨ᠂ ᠶᠠᠮᠠᠷᠪᠠ ᠱᠠᠲᠤ ᠦᠶ᠎ᠡ ᠵᠢᠴᠢ ᠡᠯᠰᠡᠨ ᠬᠡᠷᠡᠭᠯᠡᠭᠰᠡᠨ ᠤ ᠳᠠᠷᠠᠭ᠎ᠠ ᠨᠥᠬᠦᠴᠡᠯ ᠨᠢ ᠨᠡᠶᠢᠴᠡᠬᠦ ᠦᠭᠡᠶ ᠪᠤᠶᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ ᠴᠥᠮ ᠬᠢᠷᠢ ᠭᠡᠮ ᠢ ᠨᠢ ᠬᠦᠴᠦᠨ ᠦᠭᠡᠶ ᠪᠣᠯᠭᠠᠵᠤ᠂ ᠠᠯᠢᠪᠠ ᠬᠠᠷᠢᠭᠤᠴᠠᠯᠭ᠎ᠠ ᠶᠢ ᠤᠷᠢᠭᠳᠠᠬᠤ ᠬᠥᠮᠦᠰ ᠲᠤᠰ ᠬᠥᠮᠦᠨ ᠨᠢ ᠡᠭᠦᠷᠭᠡᠯᠡᠨ᠎ᠡ᠃    ︵ᠳᠥᠷᠪᠡ︶ ᠨᠢᠭᠤᠷᠲᠠᠨ ᠰᠢᠯᠭᠠᠵᠤ ᠦᠨᠡᠯᠡᠬᠦ᠃ ᠬᠢᠷᠢ ᠭᠡᠮ ᠢ ᠬᠢᠨᠠᠨ ᠪᠠᠶᠢᠴᠠᠭᠠᠬᠤ ᠪᠠᠷ ᠳᠠᠮᠵᠢᠨ ᠨᠡᠷ᠎ᠡ ᠮᠡᠳᠡᠭᠦᠯᠦᠭᠰᠡᠨ ᠬᠦᠮᠦᠰ ᠨᠢᠭᠤᠷᠳᠠᠨ ᠰᠢᠯᠭᠠᠬᠤ ᠳᠤ ᠣᠷᠣᠯᠴᠠᠨ᠎ᠠ᠃ ᠨᠢᠭᠤᠷᠳᠠᠵᠤ ᠰᠢᠯᠭᠠᠭᠤᠯᠬᠤ ᠳᠤ ᠪᠣᠳᠠᠲᠠᠶ ᠣᠷᠣᠯᠴᠠᠭᠰᠠᠨ ᠬᠥᠮᠦᠰ 1᠄ 3 ᠶᠢᠨ ᠬᠠᠷᠢᠴᠠᠯ ᠳᠤ ᠬᠥᠷᠬᠦ ᠥᠬᠡᠶ ᠠᠵᠢᠯ ᠤᠨ ᠪᠠᠶᠢᠷᠢ ᠳᠤ ᠲᠣᠰ ᠠᠵᠢᠯ ᠤᠨ ᠪᠠᠶᠢᠷᠢ ᠶᠢᠨ ᠤᠷᠢᠭᠳᠠᠭᠰᠠᠨ ᠬᠥᠮᠦᠰ ᠤᠨ ᠨᠢᠭᠤᠷᠲᠠᠨ ᠰᠢᠯᠭᠠᠵᠤ ᠰᠢᠯᠭᠠᠨ ᠲᠣᠭᠲᠠᠭᠠᠭᠰᠠᠨ ᠬᠢᠷᠢ ᠪᠦᠲᠦᠮᠵᠢ ᠶᠢ ᠡᠷᠬᠡᠪᠰᠢ ᠲᠣᠰ ᠬᠥᠮᠦᠨ ᠤ ᠨᠢᠭᠤᠷᠲᠠᠨ ᠰᠢᠯᠭᠠᠵᠤ ᠰᠢᠯᠭᠠᠨ ᠦᠨᠡᠯᠡᠬᠦ ᠳᠤ ᠣᠷᠣᠯᠴᠠᠬᠤ ᠦᠶ᠎ᠡ ᠳᠤ ᠪᠠᠶᠢᠭ᠎ᠠ ᠰᠢᠯᠭᠠᠯᠲᠠ ᠶᠢᠨ ᠲᠠᠯᠠᠪᠠᠶ ︵ᠠᠳᠠᠯᠢ ᠰᠢᠯᠭᠠᠯᠲᠠ ᠶᠢᠨ ᠰᠡᠳᠦᠪ ᠲᠠᠢ ᠠᠳᠠᠯᠢ ᠰᠢᠭᠦᠭᠴᠢ ᠶᠢᠨ ᠳᠤᠭᠤᠶᠢᠯᠠᠩ ᠳᠤ ᠬᠦᠷᠭᠡᠬᠦ ᠬᠡᠷᠡᠭᠲᠡᠶ᠃︶ ᠤᠷᠢᠭᠳᠠᠭᠰᠠᠨ ᠬᠥᠮᠦᠰ ᠤᠨ ᠨᠢᠭᠤᠷᠳᠠᠨ ᠰᠢᠯᠭᠠᠯᠲᠠ ᠪᠠᠷ ᠳᠤᠮᠳᠠᠴᠢ ᠬᠢᠷᠢ ᠪᠦᠲᠦᠮᠵᠢ ᠶᠢ ᠬᠡᠮᠵᠢᠨ ᠦᠨᠡᠯᠡᠪᠡᠯ ᠰᠠᠶ᠋ᠢ ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠶᠢᠨ ᠬᠡᠪᠴᠢᠶᠡᠨ ᠳᠤ ᠣᠷᠣᠵᠤ ᠪᠣᠯᠤᠨ᠎ᠠ᠃    ᠨᠢᠭᠤᠷᠳᠠᠨ ᠰᠢᠯᠭᠠᠬᠤ ᠳᠤ ᠲᠤᠷᠰᠢᠨ ᠶᠠᠷᠢᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠰᠢᠯᠭᠠᠨ ᠲᠣᠭᠲᠠᠭᠠᠬᠤ ᠠᠭᠤᠯᠭ᠎ᠠ ᠨᠢ ᠭᠤᠣᠯᠳᠠᠭᠤ ᠤᠷᠢᠭᠳᠠᠭᠰᠠᠳ ᠤᠨ ᠲᠤᠰᠬᠠᠢ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠣᠶᠢᠯᠠᠭᠠᠬᠤ ᠬᠡᠷᠡᠭᠲᠡᠢ᠃ ᠨᠢᠭᠤᠷᠳᠠᠬᠤ ᠰᠢᠯᠭᠠᠯᠲᠠ ᠶᠢᠨ ᠲᠠᠰ ᠳᠠᠷᠠᠭᠠᠯᠠᠯ ᠤᠨ ᠰᠢᠪᠠᠭ᠎ᠠ ᠰᠤᠭᠤᠯᠵᠤ ᠭᠠᠷᠭᠠᠵᠤ᠂ ᠬᠤᠪᠢ ᠨᠢ 100 ᠬᠤᠪᠢ᠂ ᠬᠢᠴᠢᠶᠡᠯ ᠪᠡᠯᠡᠳᠬᠡᠬᠦ ᠴᠠᠭ ᠨᠢ 20 ᠮᠢᠨᠦ᠋ᠲ᠂ ᠲᠤᠷᠰᠢᠨ ᠶᠠᠷᠢᠬᠤ ᠴᠠᠭ ᠨᠢ 8 ᠮᠢᠨᠦ᠋ᠲ ᠪᠣᠯᠤᠨ᠎ᠠ᠃ ᠨᠢᠭᠤᠷᠳᠠᠨ ᠰᠢᠯᠭᠠᠬᠤ ᠬᠢᠷᠢ ᠪᠦᠲᠦᠮᠵᠢ ᠶᠢ ᠲᠤᠬᠠᠶ ᠶᠢᠨ ᠲᠠᠯᠠᠪᠣᠷ ᠲᠤ ᠨᠡᠶᠢᠲᠡᠯᠡᠵᠦ᠂ ᠨᠢᠭᠤᠷᠲᠠᠨ ᠰᠢᠯᠭᠠᠬᠤ ᠬᠢᠷᠢ ᠪᠦᠲᠦᠮᠵᠢ ᠶᠢᠨ ᠠᠷᠪᠠᠲᠤ ᠶᠢᠨ ᠪᠤᠲᠠᠷᠬᠠᠢ ᠶᠢᠨ ᠴᠡᠭ ᠤᠨ ᠭᠤᠷᠪᠠᠨ ᠣᠷᠣᠨᠲᠤ ᠶᠢ ︵ᠳᠥᠷᠪᠡ ᠶᠢ ᠬᠠᠶᠠᠵᠤ ᠲᠠᠪᠤ ᠶᠢ ᠣᠷᠣᠭᠤᠯᠪᠠ︶ ᠦᠯᠡᠳᠡᠭᠡᠵᠦ᠂ ᠨᠢᠭᠤᠷᠲᠠᠨ ᠰᠢᠯᠭᠠᠬᠤ ᠬᠢᠷᠢ ᠪᠦᠲᠦᠮᠵᠢ ᠢᠯᠡᠷᠡᠬᠦ ᠶᠢᠨ ᠬᠠᠮᠲᠤ ᠵᠣᠬᠢᠶᠠᠨ ᠪᠠᠶᠢᠭᠤᠯᠵᠤ ᠳᠠᠬᠢᠨ ᠰᠢᠯᠭᠠᠨ᠎ᠠ᠃ ᠨᠢᠭᠤᠷᠲᠠᠨ ᠰᠢᠯᠭᠠᠵᠤ ᠰᠢᠯᠭᠠᠨ ᠦᠨᠡᠯᠡᠬᠦ ᠠᠵᠢᠯ ᠳᠠᠭᠤᠰᠤᠭᠰᠠᠨ ᠤ ᠳᠠᠷᠠᠭ᠎ᠠ ᠣᠷᠣᠭᠤᠯᠤᠨ ᠠᠪᠴᠢᠷᠠᠭᠰᠠᠨ ᠲᠥᠯᠥᠪᠯᠡᠭᠡ ᠶᠢᠨ ᠲᠤᠭ᠎ᠠ 1᠄ 1 ᠶᠢᠨ ᠬᠠᠷᠢᠴᠠᠯ ᠢᠶᠠᠷ ᠪᠡᠶ᠎ᠡ ᠶᠢᠨ ᠪᠠᠶᠢᠴᠠᠭᠠᠯᠲᠠ ᠬᠢᠵᠦ ᠰᠢᠨᠵᠢᠯᠡᠨ ᠪᠠᠶᠢᠴᠠᠭᠠᠬᠤ ᠭᠤᠭᠴᠤᠭ᠎ᠠ ᠳᠤ ᠣᠷᠣᠭᠰᠠᠨ ᠬᠥᠮᠦᠰ ᠢ ᠲᠣᠭᠲᠠᠭᠠᠨ᠎ᠠ᠃    ︵ᠲᠠᠪᠤ︶ ᠪᠡᠶ᠎ᠡ ᠶᠢᠨ ᠪᠠᠶᠢᠴᠠᠭᠠᠯᠲᠠ᠃ ᠪᠡᠶ᠎ᠡ ᠶᠢᠨ ᠪᠠᠶᠢᠴᠠᠭᠠᠯᠲᠠ ᠲᠣᠭᠲᠠᠭᠰᠠᠨ ᠡᠮᠨᠡᠯᠭᠡ ᠶᠢᠨ ᠪᠠᠶᠢᠭᠤᠯᠤᠮᠵᠢ ᠳᠤ ᠬᠢᠨ᠎ᠡ᠃ ᠪᠡᠶ᠎ᠡ ᠶᠢᠨ ᠪᠠᠶᠢᠴᠠᠭᠠᠯᠲᠠ ᠳᠤ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠯᠤᠰ ᠤᠨ ᠠᠯᠪᠠᠲᠠᠨ ᠤ ᠲᠣᠪᠴᠢᠶ᠎ᠠ ᠶᠢᠨ ︿ᠠᠯᠪᠠᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠵᠢᠴᠢ ︿ᠠᠯᠪᠠᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠬᠤ ᠭᠠᠷ ᠳᠡᠪᠲᠡᠷ ︵ᠲᠤᠷᠰᠢᠨ ᠬᠡᠷᠡᠭᠵᠢᠭᠦᠯᠬᠦ︶︶ ᠤᠨ ᠬᠤᠯᠪᠣᠭᠳᠠᠯ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ︹2016︺ 140 ᠳ᠋ᠦ᠋ᠭᠡᠷ ᠲᠣᠭᠠᠲᠤ︶ ᠵᠡᠷᠭᠡ ᠳᠣᠭᠲᠠᠭᠠᠯ ᠪᠠ  ᠱᠠᠭᠠᠷᠳᠠᠯᠭ᠎ᠠ ᠪᠠᠷ ᠬᠢᠬᠦ ᠬᠡᠷᠡᠭᠲᠡᠢ᠃ ᠲᠣᠭᠲᠠᠭᠰᠠᠨ ᠴᠠᠭ᠂ ᠭᠠᠵᠠᠷ ᠣᠷᠣᠨ ᠳᠤ ᠪᠡᠶ᠎ᠡ ᠶᠢᠨ ᠪᠠᠶᠢᠴᠠᠭᠠᠯᠲᠠ ᠬᠢᠭᠰᠡᠨ ᠦᠭᠡᠶ ᠪᠣᠯ ᠠᠶᠠᠨᠳᠠᠭᠠᠨ ᠪᠣᠯᠢᠭᠰᠠᠨ ᠢᠶᠠᠷ ᠦᠵᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠂ ᠦᠨᠡᠨ ᠪᠠᠶᠢᠳᠠᠯ ᠢ ᠨᠢᠭᠤᠨ ᠳᠠᠯᠳᠠᠯᠠᠭᠰᠠᠨ ᠠᠵᠢᠯᠲᠠᠨ ᠡᠯᠰᠡᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ ᠲᠣᠭᠲᠠᠭᠠᠯ ᠶᠣᠰᠣᠭᠠᠷ ᠳᠠᠬᠢᠨ ᠪᠠᠶᠢᠴᠠᠭᠠᠬᠤ ᠴᠢᠬᠤᠯᠠᠲᠠᠶ ᠪᠣᠯ ᠪᠤᠰᠤᠳ ᠡᠮᠨᠡᠯᠭᠡ ᠶᠢᠨ ᠬᠤᠷᠢᠶᠠᠨ ᠳᠤ ᠵᠣᠬᠢᠶᠠᠨ ᠪᠠᠶᠢᠭᠤᠯᠤᠨ ᠳᠠᠬᠢᠨ ᠪᠠᠶᠢᠴᠠᠭᠠᠯᠭᠠᠵᠤ᠂ ᠳᠠᠬᠢᠨ ᠪᠠᠶᠢᠴᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠪᠡᠶ᠎ᠡ ᠶᠢᠨ ᠪᠠᠶᠢᠴᠠᠭᠠᠯᠲᠠ ᠶᠢᠨ ᠰᠦᠢᠳᠬᠡᠯ ᠢ ᠨᠡᠷ᠎ᠡ ᠮᠡᠳᠡᠭᠦᠯᠦᠭᠰᠡᠨ ᠬᠦᠮᠦᠰ ᠥᠪᠡᠷᠲᠡᠭᠡᠨ ᠰᠢᠢᠳᠪᠦᠷᠢᠯᠡᠨ᠎ᠡ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠢᠯᠭᠠᠨ ᠪᠠᠶᠢᠴᠠᠭᠠᠬᠤ ᠵᠠᠩᠭᠢᠯᠠᠭ᠎ᠠ ᠳᠤ ᠣᠷᠣᠨ᠎ᠠ᠃    ︵ᠵᠢᠷᠭᠤᠭ᠎ᠠ︶ ᠰᠢᠨᠵᠢᠯᠡᠨ ᠪᠠᠶᠢᠴᠠᠭᠠᠬᠤ ᠡᠲᠡᠭᠡᠳ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠪᠣᠯᠪᠠᠰᠤᠷᠠᠯ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ᠂ ᠲᠤᠰᠢᠶᠠᠯ ᠤᠨ ᠪᠠᠶᠢᠷᠢ ᠶᠢᠨ ᠵᠣᠬᠢᠴᠠᠯᠳᠤᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠮᠰᠠᠷ ᠠᠴᠠ ᠪᠠᠨ ᠬᠠᠮᠠᠭᠠᠯᠠᠬᠤ ᠵᠡᠷᠭᠡ ᠲᠠᠯ᠎ᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠶᠠᠯ᠎ᠠ ᠬᠢᠭᠰᠡᠨ ᠦᠭᠡᠢ ᠲᠡᠮᠳᠡᠭᠯᠡᠯ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ ᠰᠢᠯᠭᠠᠨ ᠪᠠᠶᠢᠴᠠᠭᠠᠬᠤ ᠡᠲᠡᠭᠡᠳ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠬᠢᠨᠠᠨ ᠪᠠᠶᠢᠴᠠᠭᠠᠪᠠ᠃ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠦᠭᠡᠢ ᠪᠤᠶᠤ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ᠂ ᠰᠢᠯᠭᠠᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠰᠢᠯᠭᠠᠭᠤᠯᠤᠭᠴᠢ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠵᠤ᠂ ᠢᠯᠡᠷᠡᠭᠰᠡᠨ ᠬᠤᠭᠤᠰᠣᠨ ᠣᠷᠣᠨ ᠲᠤᠭ᠎ᠠ ᠶᠢ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢᠨ ᠶᠣᠰᠣᠭᠠᠷ ᠥᠨᠳᠥᠷ ᠠᠴᠠ ᠳᠣᠤᠷ᠎ᠠ ᠲᠡᠰ ᠳᠠᠷᠠᠭᠠᠯᠠᠨ ᠨᠥᠬᠦᠵᠦ ᠥᠭᠬᠦ ᠬᠡᠷᠡᠭᠲᠡᠶ᠂ ᠨᠥᠬᠦᠵᠦ ᠥᠭᠬᠦ ᠬᠥᠮᠦᠰ ᠤᠨ ᠨᠢᠭᠤᠷᠲᠠᠨ ᠰᠢᠯᠭᠠᠵᠤ ᠰᠢᠯᠭᠠᠨ ᠦᠨᠡᠯᠡᠭᠰᠡᠨ ᠬᠢᠷᠢ ᠪᠦᠲᠦᠮᠵᠢ ᠨᠢ ᠡᠷᠬᠡᠪᠰᠢ ᠲᠤᠰ ᠬᠥᠮᠦᠨ ᠤ ᠨᠢᠭᠤᠷᠲᠠᠨ ᠰᠢᠯᠭᠠᠵᠤ ᠰᠢᠯᠭᠠᠨ ᠦᠨᠡᠯᠡᠬᠦ ᠳᠤ ᠣᠷᠣᠯᠴᠠᠬᠤ ᠦᠶ᠎ᠡ ᠳᠤ ᠪᠠᠶᠢᠭ᠎ᠠ ᠰᠢᠯᠭᠠᠯᠲᠠ ᠶᠢᠨ ᠲᠠᠯᠠᠪᠠᠢ ︵ᠠᠳᠠᠯᠢ ᠰᠢᠯᠭᠠᠯᠲᠠ ᠶᠢᠨ ᠰᠡᠳᠦᠪ ᠤᠨ ᠠᠳᠠᠯᠢ ᠰᠢᠯᠭᠠᠯᠲᠠ ᠶᠢᠨ ᠳᠠᠷᠤᠭ᠎ᠠ ᠶᠢᠨ ᠳᠤᠭᠤᠶᠢᠯᠠᠩ ᠳᠤ ᠬᠦᠷᠬᠦ ᠬᠡᠷᠡᠭᠲᠡᠢ︶ ᠤᠷᠢᠭᠳᠠᠭᠰᠠᠨ ᠬᠥᠮᠦᠰ ᠤᠨ ᠨᠢᠭᠤᠷᠳᠠᠨ ᠰᠢᠯᠭᠠᠯᠲᠠ ᠳᠠᠬᠢ ᠳᠤᠮᠳᠠᠴᠢ ᠬᠢᠷᠢ ᠪᠦᠲᠦᠮᠵᠢ ᠶᠢ ᠬᠡᠮᠵᠢᠨ ᠲᠣᠭᠲᠠᠭᠠᠵᠤ᠂ ᠪᠠᠶᠢᠴᠠᠭᠠᠯᠲᠠ ᠬᠢᠬᠦ ᠪᠠ ᠪᠡᠶ᠎ᠡ ᠶᠢᠨ ᠪᠠᠶᠢᠴᠠᠭᠠᠯᠲᠠ ᠶᠢᠨ ᠭᠤᠭᠴᠤᠭ᠎ᠠ ᠶᠢ ᠵᠥᠪᠬᠡᠨ 1 ᠤᠳᠠᠭ᠎ᠠ ᠨᠥᠬᠦᠪᠥᠷᠢᠯᠡᠨ᠎ᠡ᠃ 2025 ᠣᠨ ᠳᠤ ᠲᠣᠰ ᠬᠤᠭᠤᠴᠠᠭᠠᠨ ᠤ ᠲᠡᠭᠦᠰᠬᠦ ᠰᠤᠷᠤᠭᠴᠢᠳ 2025 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠡᠭᠦᠰᠬᠦ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠪᠠᠭᠰᠢ ᠶᠢᠨ ᠬᠢᠷᠢ ᠬᠡᠮ ᠤᠨ ᠦᠨᠡᠮᠯᠡᠯ ᠣᠯᠤᠭᠰᠠᠨ ᠥᠬᠡᠶ ᠪᠣᠯ᠂ ᠬᠢᠷᠢ ᠬᠡᠮ ᠢ ᠬᠦᠴᠦᠨ ᠥᠬᠡᠶ ᠪᠣᠯᠭᠠᠨ᠎ᠠ᠃ ᠰᠢᠨᠵᠢᠯᠡᠨ ᠪᠠᠶᠢᠴᠠᠭᠠᠬᠤ ᠭᠤᠭᠴᠤᠭ᠎ᠠ ᠳᠤ᠂ ᠬᠡᠷᠪᠡ ᠲᠠᠩᠰᠠ ᠡᠪᠬᠡᠮᠡᠯ ᠤᠨ ᠨᠠᠰᠤ ᠵᠢᠯ ᠨᠢ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠥᠬᠡᠶ ᠪᠠᠶᠢᠬᠤ ᠶᠢ ᠣᠯᠵᠤ ᠮᠡᠳᠡᠪᠡᠯ ᠂ ᠭᠤᠭᠴᠤᠭ᠎ᠠ ᠪᠣᠯᠭᠠᠨ ᠤ ᠬᠢᠷᠢ ᠬᠡᠮ ᠢ ᠬᠦᠴᠦᠨ ᠥᠬᠡᠶ ᠪᠣᠯᠭᠠᠨ᠎ᠠ᠃    ︵ᠳᠤᠯᠤᠭ᠎ᠠ︶ ᠵᠠᠷᠯᠠᠨ ᠤᠷᠢᠵᠤ ᠬᠡᠷᠡᠭᠯᠡᠬᠦ᠃ ᠣᠷᠣᠭᠤᠯᠤᠨ ᠠᠪᠬᠤ ᠪᠠᠷ ᠪᠠᠶᠢᠭ᠎ᠠ ᠰᠢᠯᠭᠠᠭᠤᠯᠤᠭᠴᠢ ᠶᠢᠨ ᠨᠡᠷᠡᠰ ᠢ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ︽ᠳ᠋ᠦᠩ ᠾᠧ ᠶᠢᠨ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠣᠯᠠᠨ ᠨᠡᠶᠢᠲᠡ ᠶᠢᠨ ᠳ᠋ᠤᠭᠠᠷ ᠲᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠶ ᠣᠪᠣᠭ ᠨᠡᠷ᠎ᠡ ᠪᠠᠷ ᠠᠰᠠᠭᠤᠳᠠᠯ ᠢ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ ᠴᠢᠬᠤᠯᠠ ᠪᠦᠬᠦᠢ ᠪᠠᠶᠢᠴᠠᠭᠠᠯᠲᠠ ᠶᠢᠨ ᠰᠦᠪᠡᠭᠴᠢ ᠬᠠᠩᠭᠠᠬᠤ ᠬᠡᠷᠡᠭᠲᠡᠶ᠃ ᠬᠦᠨᠳᠦ ᠨᠣᠴᠢᠲᠠᠢ ᠠᠰᠠᠭᠤᠳᠠᠯ ᠲᠠᠢ ᠮᠥᠷᠲᠡᠭᠡᠨ ᠦᠨᠡᠨ ᠪᠠᠷᠢᠮᠲᠠ ᠲᠠᠢ ᠪᠠᠶᠢᠪᠠᠯ᠂ ᠣᠷᠣᠭᠤᠯᠤᠨ ᠠᠪᠴᠢᠷᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ ᠬᠦᠨᠳᠦ ᠨᠣᠴᠢᠲᠠᠢ ᠠᠰᠠᠭᠤᠳᠠᠯ ᠲᠠᠢ ᠪᠣᠯᠪᠠᠴᠤ ᠲᠦᠷ ᠪᠠᠶᠢᠴᠠᠭᠠᠨ ᠲᠣᠳᠣᠯᠠᠬᠤ ᠳᠤ ᠪᠡᠷᠬᠡᠲᠡᠢ ᠪᠤᠶᠤ ᠦᠭᠡᠶᠢᠰᠬᠡᠬᠦ ᠳᠤ ᠪᠡᠷᠬᠡ ᠲᠠᠢ ᠪᠠᠶᠢᠪᠠᠯ᠂ ᠲᠦᠷ ᠴᠠᠭ ᠣᠷᠣᠭᠤᠯᠤᠨ ᠠᠪᠴᠢᠷᠠᠬᠤ ᠶᠢ ᠬᠤᠶᠢᠰᠢᠯᠠᠭᠤᠯᠵᠤ᠂ ᠪᠠᠶᠢᠴᠠᠭᠠᠨ ᠲᠣᠳᠣᠯᠠᠬᠤ ᠶᠢᠨ ᠬᠠᠮᠲᠤ ᠳ᠋ᠦᠩ ᠭᠠᠷᠭᠠᠭᠰᠠᠨ ᠤ ᠳᠠᠷᠠᠭ᠎ᠠ ᠣᠷᠣᠭᠤᠯᠤᠨ ᠠᠪᠴᠢᠷᠠᠬᠤ ᠡᠰᠡᠬᠦ ᠶᠢ ᠲᠣᠭᠲᠠᠭᠠᠨ᠎ᠠ᠃    ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠪᠡᠯ᠂ ᠠᠰᠠᠭᠤᠳᠠᠯ ᠦᠭᠡᠢ ᠪᠤᠶᠤ ᠲᠤᠰᠬᠠᠭᠰᠠᠨ ᠠᠰᠠᠭᠤᠳᠠᠯ ᠢ ᠣᠷᠣᠭᠤᠯᠤᠨ ᠠᠪᠴᠢᠷᠠᠬᠤ ᠶᠢ ᠨᠥᠯᠥᠭᠡᠯᠡᠬᠦ ᠦᠭᠡᠢ ᠪᠣᠯ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠤᠯᠲᠠ ᠶᠢᠨ ᠣᠷᠣᠨ ᠲᠤᠭ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯᠲᠠᠨ ᠤ ᠶᠠᠪᠤᠳᠠᠯ ᠤᠨ ᠣᠷᠣᠨ ᠲᠤᠭ᠎ᠠ ᠶᠢᠨ ᠭᠠᠷᠳᠠᠮ ᠢ ᠭᠦᠢᠴᠡᠳᠬᠡᠨ᠎ᠡ᠃ 2025 ᠣᠨ ᠳᠤ ᠲᠣᠰ ᠬᠤᠭᠤᠴᠠᠭᠠᠨ ᠤ ᠲᠡᠭᠦᠰᠬᠦ ᠤᠶᠤᠲᠠᠳ ᠲᠤ ᠤᠷᠢᠳ ᠢᠶᠠᠷ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠬᠡᠯᠡᠯᠴᠡᠭᠡᠷ ᠤᠨ ᠪᠢᠴᠢᠭ︾ ᠲᠣᠭᠲᠠᠵᠤ᠂ 2025 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠨᠡᠷ᠎ᠡ ᠮᠡᠳᠡᠭᠦᠯᠬᠦ ᠳᠤ ᠬᠡᠷᠡᠭᠰᠡᠬᠦ ᠲᠡᠭᠦᠰᠬᠦ ᠦᠨᠡᠮᠯᠡᠯ᠂ ᠰᠤᠷᠤᠯᠭ᠎ᠠ ᠶᠢᠨ ᠪᠠᠶᠢᠷᠢ ᠶᠢᠨ ᠦᠨᠡᠮᠯᠡᠯ᠂ ᠵᠣᠬᠢᠴᠠᠩᠭᠤᠶ ᠰᠤᠷᠤᠯᠭ᠎ᠠ ᠶᠢᠨ ᠱᠠᠲᠤ ᠪᠠ ᠬᠠᠷᠠᠭᠠᠯᠵᠠᠭᠰᠠᠨ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢᠨ ᠬᠢᠷᠢ ᠬᠡᠮ ᠤᠨ ᠦᠨᠡᠮᠯᠡᠯ ᠤᠨ ᠪᠢᠴᠢᠭ ᠢ ᠣᠯᠤᠭᠰᠠᠨ ᠤ ᠳᠠᠷᠠᠭ᠎ᠠ᠂ ᠠᠵᠢᠯᠲᠠᠨ ᠤ ᠶᠠᠪᠤᠳᠠᠯ ᠤᠨ ᠣᠷᠣᠨ ᠲᠤᠭ᠎ᠠ ᠶᠢᠨ ᠭᠠᠷᠳᠠᠮ ᠢ ᠭᠦᠢᠴᠡᠳᠬᠡᠪᠡ᠃ ᠤᠷᠢᠨ ᠬᠡᠷᠡᠭᠯᠡᠬᠦ ᠶᠢ ᠨᠥᠯᠥᠭᠡ ᠲᠠᠢ ᠠᠰᠠᠭᠤᠳᠠᠯ ᠢ ᠲᠤᠰᠬᠠᠭᠰᠠᠨ ᠬᠥᠮᠦᠰ ᠢ ᠪᠠᠶᠢᠴᠠᠭᠠᠨ ᠲᠣᠳᠣᠯᠠᠭᠰᠠᠨ ᠤ ᠪᠠᠶᠢᠪᠠᠯ᠂ ᠤᠷᠢᠨ ᠬᠡᠷᠡᠭᠯᠡᠬᠦ ᠦᠭᠡᠶ᠃    ᠳᠥᠷᠪᠡ᠂ ᠰᠠᠬᠢᠯᠭ᠎ᠠ ᠪᠠᠲᠤ ᠶᠢᠨ ᠬᠢᠨᠠᠯᠲᠠ    1. ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠨᠢ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠵᠠᠶᠢᠯᠠᠭᠤᠯᠬᠤ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠣᠭᠲᠠᠭᠠᠯ ﹇2019﹈ 1 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠵᠠᠶᠢᠯᠠᠬᠤ ᠲᠦᠷᠢᠮ ᠢ ᠬᠡᠷᠡᠭᠵᠢᠭᠦᠯᠦᠨ᠎ᠡ᠃    2. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠲᠠᠨ ᠪᠠ ᠤᠷᠢᠭᠳᠠᠭᠰᠠᠨ ᠬᠥᠮᠦᠰ ᠤᠨ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠬᠡᠷᠡᠭᠯᠡᠬᠦ ᠲᠦᠷ ᠬᠡᠷᠡᠭᠵᠢᠭᠦᠯᠬᠦ ᠲᠣᠭᠲᠠᠭᠠᠯ︾ ︵ᠠᠵᠢᠯᠲᠠᠨ ᠤ ᠶᠠᠪᠤᠳᠠᠯ ᠤᠨ ᠶᠠᠮᠤᠨ ᠤ ᠵᠠᠷᠯᠢᠭ 6 ᠳ᠋ᠤᠭᠠᠷ ᠲᠣᠭᠠᠲᠤ︶ ᠪᠠ ︽ᠠᠵᠢᠯ ᠦᠢᠯᠡᠰ ᠤᠨ ᠨᠢᠭᠡᠴᠢ ᠶᠢᠨ ᠰᠠᠬᠢᠯᠭ᠎ᠠ ᠪᠠᠲᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 35 ᠳ᠋ᠤᠭᠠᠷ ᠲᠣᠭᠠᠲᠤ ᠵᠠᠷᠯᠢᠭ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠲᠥᠪ ᠭᠤᠤᠯᠴᠢ ᠴᠢᠨᠠᠷ᠂ ᠲᠥᠪ ᠴᠢᠩᠭ᠎ᠠ ᠴᠢᠨᠠᠷ᠂ ᠪᠤᠰᠤᠳᠴᠢ ᠴᠢᠨᠠᠷ ᠢ ᠬᠠᠮᠠᠭᠠᠯᠠᠬᠤ ᠶᠢᠨ ᠲᠥᠯᠥᠭᠡ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ᠂ ᠤᠷᠢᠵᠤ ᠬᠡᠷᠡᠭᠯᠡᠬᠦ ᠵᠡᠷᠭᠡ ᠡᠯ᠎ᠡ ᠭᠤᠭᠴᠣᠭᠠᠨ ᠤ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠥᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠤᠷᠢᠵᠤ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠬᠠᠮᠢᠶ᠎ᠠ ᠪᠥᠬᠦᠶ ᠠᠵᠢᠯᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃    ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠵᠤ᠂ ᠶᠠᠪᠤᠴᠠ ᠶᠢ ᠢᠯᠡ ᠪᠣᠯᠭᠠᠵᠤ᠂ ᠦᠷ᠎ᠡ ᠳ᠋ᠦᠩ ᠢ ᠢᠯᠡ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃     ᠲᠠᠪᠤ᠂ ᠪᠤᠰᠤᠳ ᠵᠦᠢᠯ    1. ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠤᠷᠢᠨ ᠬᠡᠷᠡᠭᠯᠡᠬᠦ ᠶᠢ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠬᠦ ᠠᠴᠠ ᠡᠮᠦᠨ᠎ᠡ᠂ ᠨᠢᠭᠡᠨᠲᠡ ᠰᠢᠨ᠎ᠡ ᠪᠠᠷ ᠡᠯᠰᠡᠭᠰᠡᠨ ᠠᠯᠪᠠᠲᠠᠨ ᠪᠤᠶᠤ ᠰᠢᠨ᠎ᠡ ᠪᠠᠷ ᠤᠷᠢᠨ ᠬᠡᠷᠡᠭᠯᠡᠭᠳᠡᠭᠰᠡᠨ ᠪᠤᠰᠤᠳ ᠠᠵᠢᠯ ᠦᠢᠯᠡᠰ ᠤᠨ ᠨᠢᠭᠡᠴᠡ ᠳᠤ ᠰᠢᠯᠭᠠᠭᠳᠠᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠢ ᠰᠢᠯᠭᠠᠨ ᠡᠯᠰᠡᠬᠦ ᠶᠢᠨ ᠬᠠᠮᠲᠤ ᠡᠯᠰᠡᠭᠰᠡᠨ ᠰᠤᠷᠭᠠᠭᠤᠯᠢ ᠳᠤ ᠬᠦᠷᠴᠦ ᠨᠡᠷ᠎ᠡ ᠮᠡᠳᠡᠭᠦᠯᠦᠨ ᠳᠠᠩᠰᠠᠯᠠᠭᠤᠯᠤᠭᠰᠠᠨ᠂ ᠰᠤᠷᠤᠯᠭ᠎ᠠ ᠲᠡᠭᠦᠰᠦᠭᠰᠡᠨ ᠦᠨᠡᠮᠯᠡᠯ᠂ ᠵᠣᠬᠢᠴᠠᠩᠭᠤᠶ ᠰᠤᠷᠤᠯᠭ᠎ᠠ ᠶᠢᠨ ᠱᠠᠲᠤ ᠪᠣᠯᠤᠨ ᠬᠠᠷᠠᠭᠠᠯᠵᠠᠭᠰᠠᠨ ᠰᠢᠨᠵᠢᠯᠡᠭᠡᠨ ᠤ ᠪᠠᠭᠰᠢ ᠶᠢᠨ ᠬᠢᠷᠢ ᠭᠡᠮ ᠤᠨ ᠦᠨᠡᠮᠯᠡᠯ ᠢ ᠨᠢ ᠨᠢᠭᠡᠨᠲᠡ ᠣᠯᠤᠭᠰᠠᠨ ᠦᠭᠡᠶ ᠪᠣᠯ ᠤᠷᠢᠨ ᠬᠡᠷᠡᠭᠯᠡᠬᠦ ᠬᠢᠷᠢ ᠭᠡᠮ ᠢᠶᠠᠨ ᠬᠦᠴᠦᠨ ᠦᠭᠡᠶ ᠪᠣᠯᠭᠠᠨ᠎ᠠ᠃ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠶ᠂ ᠡᠰᠡ ᠲᠡᠶᠢᠮᠦ ᠪᠣᠯ ᠠᠶᠠᠨᠳᠠᠭᠠᠨ ᠪᠤᠯᠢᠵᠤ᠂ ᠤᠷᠢᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃    2. ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠠᠮᠤᠭ ᠤᠨ ᠳᠣᠤᠷ᠎ᠠ ᠦᠢᠯᠡᠴᠢᠯᠡᠬᠦ ᠵᠢᠯ ᠬᠤᠭᠤᠴᠠᠭ᠎ᠠ ᠨᠢ 5 ᠵᠢᠯ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶᠂ ᠦᠢᠯᠡᠴᠢᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠬᠡᠪᠰᠢᠭᠰᠡᠨ ᠬᠠᠮᠢᠶᠠᠷᠤᠯᠲᠠ ᠳᠤ ᠣᠷᠣᠭᠤᠯᠤᠨ᠎ᠠ᠃ ᠦᠢᠯᠡᠴᠢᠯᠡᠭᠡᠨ ᠤ ᠬᠤᠭᠤᠴᠠᠭᠠᠨ ᠳᠤ ᠲᠤᠰᠢᠶᠠᠯ ᠠᠴᠠ ᠪᠠᠨ ᠪᠠᠭᠤᠭᠰᠠᠨ ᠤ ᠳᠠᠷᠠᠭ᠎ᠠ ᠳᠠᠬᠢᠨ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠬᠤᠲᠠ ᠶᠢᠨ ᠳᠣᠲᠣᠷᠠᠬᠢ ᠪᠤᠰᠤᠳ ᠠᠵᠢᠯ ᠦᠢᠯᠡᠰ ᠤᠨ ᠨᠢᠭᠡᠴᠡ ᠶᠢ ᠣᠷᠣᠭᠤᠯᠤᠨ ᠠᠪᠴᠢᠷᠠᠵᠤ ᠪᠣᠯᠬᠤ ᠥᠬᠡᠶ᠃ ᠦᠢᠯᠡᠴᠢᠯᠡᠭᠡᠨ ᠤ ᠬᠤᠭᠤᠴᠠᠭᠠᠨ ᠳᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠰᠢᠯᠵᠢᠭᠦᠯᠬᠦ᠂ ᠵᠢᠭᠡᠯᠡᠬᠦ᠂ ᠠᠵᠢᠯ ᠤᠨ ᠪᠠᠶᠢᠷᠢ ᠠᠴᠠ ᠪᠠᠨ ᠤᠷᠢᠳᠴᠢᠯᠠᠨ ᠬᠤᠲᠠ ᠶᠢᠨ ᠳᠣᠲᠣᠷᠠᠬᠢ ᠪᠤᠰᠤᠳ ᠠᠵᠢᠯ ᠦᠢᠯᠡᠰ ᠤᠨ ᠨᠢᠭᠡᠴᠡ ᠳᠤ ᠣᠴᠢᠵᠤ ᠪᠣᠯᠬᠤ ᠦᠭᠡᠢ᠃ ᠵᠦᠢ ᠶᠣᠰᠣᠨ ᠤ ᠰᠢᠯᠲᠠᠭᠠᠨ ᠦᠭᠡᠶ ᠪᠠᠷ ᠬᠠᠶᠠᠭᠰᠠᠨ ᠪᠤᠶᠤ ᠬᠠᠮᠤᠭ ᠤᠨ ᠳᠣᠤᠷ᠎ᠠ ᠦᠢᠯᠡᠴᠢᠯᠡᠭᠡᠨ ᠤ ᠬᠤᠭᠤᠴᠠᠭ᠎ᠠ ᠶᠢ ᠨᠢ ᠭᠦᠢᠴᠡᠳᠬᠡᠭᠰᠡᠨ ᠦᠭᠡᠶ ᠪᠣᠯ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ ᠪᠣᠯᠭᠠᠬᠤ ᠶᠢᠨ ᠬᠠᠮᠲᠤ ᠲᠤᠰ ᠬᠥᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ᠃    3. ᠤᠷᠢᠨ ᠬᠡᠷᠡᠭᠯᠡᠬᠦ ᠴᠢᠳᠠᠪᠤᠷᠢᠲᠠᠨ ᠲᠤᠷᠰᠢᠨ ᠬᠡᠷᠡᠭᠯᠡᠬᠦ ᠬᠤᠭᠤᠴᠠᠭᠠᠨ ᠤ ᠳᠦᠷᠢᠮ ᠢ ᠬᠡᠷᠡᠭᠵᠢᠭᠦᠯᠵᠦ᠂ ᠤᠷᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ᠂ ᠪᠤᠰᠤᠳ ᠤᠷᠢᠨ ᠬᠡᠷᠡᠭᠯᠡᠬᠦ ᠴᠢᠳᠠᠪᠤᠷᠢᠲᠠᠨ ᠤ ᠲᠤᠷᠰᠢᠨ ᠬᠡᠷᠡᠭᠯᠡᠬᠦ ᠬᠤᠭᠤᠴᠠᠭ᠎ᠠ ᠶᠢ ᠶᠡᠷᠦ ᠳᠤ ᠪᠠᠨ 3 ᠰᠠᠷ᠎ᠡ ᠠᠴᠠ ᠬᠡᠲᠦᠷᠡᠭᠦᠯᠵᠦ ᠪᠣᠯᠬᠤ ᠦᠭᠡᠢ᠂ ᠪᠠᠶᠢᠳᠠᠯ ᠨᠢ ᠣᠨᠴᠠᠭᠠᠢ ᠪᠣᠯ ᠤᠷᠲᠤᠳᠬᠠᠵᠤ ᠪᠣᠯᠣᠨ᠎ᠠ᠂ ᠭᠡᠪᠡᠴᠦ ᠬᠠᠮᠤᠭ ᠤᠨ ᠤᠷᠲᠤ ᠳᠤ ᠪᠠᠨ 6 ᠰᠠᠷ᠎ᠠ ᠠᠴᠠ ᠬᠡᠲᠦᠷᠡᠵᠦ ᠪᠣᠯᠬᠤ ᠦᠭᠡᠢ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠵᠢᠩᠬᠢᠨᠢ ᠪᠠᠷ ᠤᠷᠢᠵᠤ ᠬᠡᠷᠡᠭᠯᠡᠬᠦ ᠬᠡᠷᠡᠭᠲᠡᠶ᠃ ᠬᠢᠷᠢ ᠲᠡᠩᠴᠡᠬᠦ ᠦᠭᠡᠶ ᠪᠣᠯ ᠤᠷᠢᠵᠤ ᠬᠡᠷᠡᠭᠯᠡᠬᠦ ᠶᠢ ᠨᠢ ᠬᠦᠴᠦᠨ ᠦᠭᠡᠶ ᠪᠣᠯᠭᠠᠨ᠎ᠠ᠃    4. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠠᠪᠤᠴᠠ ᠳᠤ᠂ ᠬᠤᠯᠪᠣᠭᠳᠠᠯ ᠪᠥᠬᠦᠶ ᠮᠡᠳᠡᠭᠳᠡᠯ ᠵᠡᠷᠭᠡ ᠵᠥᠢᠯᠡᠰ ᠢ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ︽ᠳ᠋ᠦᠩ ᠾᠧ ᠶᠢᠨ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠣᠯᠠᠨ ᠨᠡᠶᠢᠲᠡ ᠶᠢᠨ ᠳ᠋ᠤᠭᠠᠷ ᠲᠤ ᠨᠡᠶᠢᠲᠡᠯᠡᠵᠦ᠂ ᠨᠡᠷ᠎ᠡ ᠮᠡᠳᠡᠭᠦᠯᠦᠭᠰᠡᠨ ᠬᠥᠮᠦᠰ ᠰᠦᠯᠵᠢᠶᠡᠨ ᠤ ᠮᠡᠳᠡᠭᠡ ᠵᠠᠩᠭᠢ ᠶᠢ ᠨᠢᠭᠲᠠ ᠠᠩᠬᠠᠷᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠣᠭᠲᠠᠭᠠᠭᠰᠠᠨ ᠮᠠᠲ᠋ᠧᠷᠢᠶᠠᠯ ᠢᠶᠠᠨ ᠠᠪᠴᠤ᠂ ᠲᠣᠭᠲᠠᠭᠰᠠᠨ ᠴᠠᠭ ᠲᠤ ᠲᠣᠭᠲᠠᠭᠰᠠᠨ ᠭᠠᠵᠠᠷ ᠲᠤ ᠬᠦᠷᠴᠦ ᠡᠯ᠎ᠡ ᠭᠤᠭᠴᠤᠭ᠎ᠠ ᠳᠤ ᠣᠷᠣᠭᠤᠯᠤᠨ ᠠᠪᠴᠢᠷᠠᠬᠤ ᠠᠵᠢᠯ ᠳᠤ ᠣᠷᠣᠯᠴᠠᠵᠤ᠂ ᠱᠠᠭᠠᠷᠳᠠᠯᠭ᠎ᠠ ᠶᠣᠰᠣᠭᠠᠷ ᠣᠷᠣᠯᠴᠠᠭᠰᠠᠨ ᠥᠬᠡᠶ ᠪᠠᠷ ᠲᠣᠰ ᠭᠤᠭᠴᠤᠭ᠎ᠠ ᠪᠠ ᠲᠠᠷᠠᠭᠠᠴᠢ ᠶᠢᠨ ᠵᠠᠩᠭᠢᠯᠠᠭ᠎ᠠ ᠶᠢᠨ ᠬᠢᠷᠢ ᠬᠡᠮ ᠢᠶᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠵᠦ᠂ ᠬᠠᠷᠢᠭᠤᠴᠠᠯᠭ᠎ᠠ ᠶᠢ ᠤᠷᠢᠭᠳᠠᠭᠰᠠᠨ ᠬᠥᠮᠦᠰ ᠥᠪᠡᠰᠦᠪᠡᠨ ᠬᠠᠷᠢᠭᠤᠴᠠᠨ᠎ᠠ᠃ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠦᠶ᠎ᠡ ᠳᠤ ᠲᠠᠭᠯᠠᠭᠰᠠᠨ ᠬᠠᠷᠢᠯᠴᠠᠬᠤ ᠤᠲᠠᠰᠤ ᠪᠠᠨ ᠰᠠᠭᠠᠳ ᠦᠭᠡᠢ ᠨᠡᠪᠲᠡᠷᠡᠭᠦᠯᠵᠦ ᠂ ᠬᠤᠯᠪᠣᠭᠳᠠᠯ ᠪᠦᠬᠦᠢ ᠮᠡᠳᠡᠭᠳᠡᠯ ᠢ ᠬᠦᠯᠢᠶᠡᠨ ᠠᠪᠬᠤ ᠳᠤ ᠳᠥᠭᠦᠮ ᠦᠵᠡᠭᠦᠯᠦᠨ᠎ᠡ᠃ ᠣᠷᠣᠭᠤᠯᠵᠤ ᠠᠪᠴᠢᠷᠠᠭᠰᠠᠨ ᠬᠤᠭᠤᠴᠠᠭᠠᠨ ᠳᠤ ᠳ᠋ᠢᠶᠠᠩᠬᠤᠸᠠ ᠪᠠᠷ ᠬᠠᠷᠢᠴᠠᠭ᠎ᠠ ᠬᠤᠯᠪᠣᠭ᠎ᠠ ᠨᠢ ᠰᠢᠯᠤᠭᠤᠨ ᠪᠤᠰᠤ ᠠᠴᠠ ᠪᠣᠯᠵᠤ ᠲᠤᠰ ᠬᠥᠮᠦᠨ ᠢᠶᠠᠨ ᠤᠷᠢᠵᠤ ᠬᠡᠷᠡᠭᠯᠡᠬᠦ ᠶᠢ ᠨᠥᠯᠥᠭᠡᠯᠡᠭᠰᠡᠨ ᠪᠣᠯ ᠬᠠᠷᠢᠭᠤᠴᠠᠯᠭ᠎ᠠ ᠶᠢ ᠨᠢ ᠥᠪᠡᠷ ᠢᠶᠠᠨ ᠬᠠᠷᠢᠭᠤᠴᠠᠬᠤ ᠬᠡᠷᠡᠭᠲᠡᠶ᠃    5. ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢᠭᠤᠷᠳᠠᠯ ᠰᠢᠯᠭᠠᠯᠲᠠ ᠶᠢ ᠰᠢᠯᠭᠠᠨ ᠦᠨᠡᠯᠡᠬᠦ ᠳᠤ ᠰᠢᠯᠭᠠᠯᠲᠠ ᠶᠢᠨ ᠬᠡᠷᠡᠭᠯᠡᠬᠦ ᠪᠢᠴᠢᠭ ᠢ ᠲᠣᠭᠲᠠᠭᠠᠬᠤ ᠥᠬᠡᠶ᠂ ᠵᠣᠬᠢᠶᠠᠨ ᠪᠠᠶᠢᠭᠤᠯᠬᠤ ᠥᠬᠡᠶ ᠪᠥᠭᠡᠳ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠪᠣᠯᠪᠠᠰᠤᠷᠠᠯ ᠤᠨ ᠠᠩᠭᠢ ᠡᠷᠭᠢᠯᠡᠬᠦ ᠥᠬᠡᠶ᠃    ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠢᠴᠢ ᠬᠢᠨᠠᠯᠲᠠ ᠲᠠᠯᠪᠢᠬᠤ ᠳ᠋ᠢᠶᠠᠩᠬᠤᠸᠠ    ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠤᠲᠠᠰᠤ᠄    0472-6166072    13848828101    13848210448    ᠬᠦᠯᠢᠶᠡᠨ ᠠᠪᠴᠤ ᠰᠢᠢᠳᠪᠦᠷᠢᠯᠡᠬᠦ ᠴᠠᠭ ︵ᠠᠵᠢᠯᠯᠠᠬᠤ ᠡᠳᠦᠷ︶᠄    8:30-12:00    14:30-17:30    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄    0472-6166069    ᠬᠦᠯᠢᠶᠡᠨ ᠠᠪᠴᠤ ᠰᠢᠢᠳᠪᠦᠷᠢᠯᠡᠬᠦ ᠴᠠᠭ᠄ 8᠄ 30 - 12᠄ 0014᠄ 30 - 17᠄ 30    ᠲᠣᠰ ᠠᠯᠪᠠᠨ ᠵᠠᠷ ᠢ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠠᠴᠠ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ  ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠶ ᠳᠤᠭᠤᠶᠢᠯᠠᠩ ᠠᠴᠠ ᠬᠠᠷᠢᠭᠤᠴᠠᠨ ᠲᠠᠶᠢᠯᠪᠤᠷᠢᠯᠠᠨ᠎ᠠ᠃ᠳᠠᠭᠠᠯᠳᠤᠭᠤᠯᠤᠯ 1᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ 2025 ᠣᠨ ᠤ ᠬᠠᠪᠤᠷ ᠤᠨ ᠤᠯᠠᠷᠢᠯ ᠳᠤ ᠳᠡᠭᠡᠳᠦ ᠲᠠᠰ ᠳᠠᠪᠬᠤᠷᠭ᠎ᠠ ᠪᠠ ᠪᠠᠴᠢᠮ ᠳᠤᠲᠠᠭᠳᠠᠵᠤ ᠪᠠᠶᠢᠭ᠎ᠠ  ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ ᠶᠢ ᠣᠷᠣᠭᠤᠯᠤᠨ ᠠᠪᠴᠢᠷᠠᠪᠠᠳᠠᠭᠠᠯᠳᠤᠭᠤᠯᠤᠯ 2᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ 2025 ᠣᠨ ᠤ ᠬᠠᠪᠤᠷ ᠤᠨ ᠤᠯᠠᠷᠢᠯ ᠳᠤ ᠳᠡᠭᠡᠳᠦ ᠲᠠᠰ ᠳᠠᠪᠬᠤᠷᠭ᠎ᠠ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠨᠡᠷ᠎ᠡ ᠮᠡᠳᠡᠭᠦᠯᠬᠦ ᠬᠦᠰᠦᠨᠦᠭᠲᠦᠳᠠᠭᠠᠯᠳᠤᠭᠤᠯᠤᠯ 3᠄ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ                         ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ                                                            ᠳᠡᠭᠡᠳᠦ ᠳᠡᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ                                                                        ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠢ ᠳᠤᠭᠤᠶᠢᠯᠠᠩ                               2025 ᠣᠨ ᠤ 4 ᠰᠠᠷ᠎ᠠ ᠶᠢᠨ 10 ᠤ ᠡᠳᠦᠷ
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1