ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ ᠃ ᠲᠤᠰ ᠡᠳᠦᠷ ᠤᠨ | ᠦᠳᠡ ᠶᠢᠨ ᠬᠤᠶᠢᠨ᠎ᠠ ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ | ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃ | ᠲᠦᠷᠪᠡᠨ ᠰᠠᠷ᠎ᠠ ᠶᠢᠨ ᠬᠠᠨᠤᠢ ᠳᠤ ᠤᠢ ᠮᠣᠳᠣ ᠬᠥᠬᠡᠷᠡᠨ ᠨᠣᠭᠤᠭᠠᠷᠠᠵᠤ ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ | ᠲᠡᠷᠢᠭᠦᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠲᠠᠪᠤᠨ ᠣᠳᠣᠲᠤ ᠤᠯᠠᠭᠠᠨ ᠲᠤᠭ ᠪᠠ ᠠᠯᠳᠠᠨ ᠣᠳᠣᠲᠤ ᠤᠯᠠᠭᠠᠨ | ᠲᠤᠭ ᠰᠠᠯᠬᠢᠨ ᠤ ᠠᠶ᠎ᠠ ᠪᠠᠷ ᠨᠠᠮᠢᠷᠠᠵᠤ ᠂ ᠸᠢᠶᠧᠲᠨᠠᠮ ᠤᠨ 200 ᠭᠠᠷᠤᠢ ᠪᠠᠭᠠᠴᠤᠳ ᠬᠡᠦᠬᠡᠳ ᠲᠤᠭ ᠳᠠᠯᠪᠠᠭ᠎ᠠ | ᠬᠤᠷᠦ᠋ᠢᠯᠠᠵᠤ ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠪᠠ ᠃ | 4 ᠰᠠᠷ᠎ᠠ ᠶᠢᠨ 14 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠪᠡ ᠃ ᠲᠤᠰ ᠡᠳᠦᠷ ᠤᠨ ᠦᠳᠡ ᠶᠢᠨ ᠬᠤᠶᠢᠨ᠎ᠠ ᠂ ᠸᠢᠶᠧᠲᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃ ᠵᠢᠷᠤᠭ | ᠪᠣᠯ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠦ᠋ ᠯᠢᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ | ᠤᠭᠲᠤᠨ ᠠᠪᠴᠤ ᠂ ᠸᠢᠶᠧᠲᠨᠠᠮ ᠤᠨ ᠪᠠᠭᠠᠴᠤᠳ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ ᠃ ᠰᠢ ᠶᠢᠨ | ᠫᠢᠩ ᠰᠦ᠋ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ | ᠸᠢᠶᠧᠲᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠶᠣᠰᠣᠯᠠᠯ ᠤᠨ ᠫᠤᠤ ᠶᠢ 21 | ᠳᠤᠤᠭᠠᠷᠭᠠᠪᠠ ᠃ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ | ᠬᠤᠶᠠᠷ ᠨᠠᠮ ᠤᠨ ᠶᠡᠷᠦᠩᠬᠡᠢ ᠱᠦᠵᠢ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ | ᠮᠡᠨᠳᠦᠴᠢᠯᠡᠵᠦ ᠂ ᠳᠠᠷᠠᠭ᠎ᠠ ᠨᠢ ᠬᠠᠮᠲᠤ ᠪᠠᠷ ᠵᠢᠭᠰᠠᠭᠠᠯ ᠢ ᠰᠣᠨᠢᠷᠬᠠᠪᠠ ᠃ | ᠤᠭᠲᠤᠬᠤ ᠶᠣᠰᠣᠯᠠᠯ ᠤᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠸᠢᠶᠧᠲᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠬᠦᠷᠴᠦ ᠬᠡᠯᠡᠯᠴᠡᠭᠡ ᠬᠢᠪᠡ ᠃ ᠵᠠᠮ ᠳᠠᠭᠠᠤ ᠸᠢᠶᠧᠲᠨᠠᠮ ᠤᠨ ᠬᠡᠳᠦᠨ | ᠵᠠᠭᠤᠨ ᠠᠷᠠᠳ ᠲᠦᠮᠡᠨ ᠬᠤᠶᠠᠷ ᠨᠠᠮ ᠬᠤᠶᠠᠷ ᠤᠯᠤᠰ ᠤᠨ ᠲᠤᠭ ᠢ ᠬᠤᠷᠦ᠋ᠢᠯᠠᠵᠤ ᠂ ᠰᠢ ᠶᠢᠨ ᠫᠢᠩ ᠢ ᠬᠠᠯᠠᠭᠤᠨ ᠢᠶᠠᠷ | ᠤᠭᠲᠤᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠤᠭᠲᠤᠬᠤ ᠪᠠᠷ ᠢᠷᠡᠭᠰᠡᠨ ᠤᠯᠠᠨ ᠤ ᠵᠦᠭ ᠭᠠᠷ ᠳᠠᠯᠠᠯᠤᠨ | ᠮᠡᠨᠳᠦᠴᠢᠯᠡᠪᠡ ᠃ | ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃ |