ᠰᠢ ᠶᠢᠨ ᠫᠢᠩ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/16
    ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ  4 ᠰᠠᠷ᠎ᠠ ᠶᠢᠨ 14 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ ᠃    ᠰᠢ ᠶᠢᠨ ᠫᠢᠩ ᠂ ᠸᠢᠶᠧᠲᠨᠠᠮ ᠤᠨ ᠨᠠᠮ ᠪᠣᠯᠣᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠸᠢᠶᠧᠲᠨᠠᠮ ᠤᠨ ᠤᠯᠤᠰ ᠲᠦᠷᠦ ᠨᠡᠶᠢᠭᠡᠮ ᠲᠣᠭᠲᠠᠭᠤᠨ ᠪᠠᠶᠢᠵᠤ ᠂ ᠰᠢᠨᠡᠴᠢᠯᠡᠯᠲᠡ ᠶᠢᠨ ᠦᠢᠯᠡᠰ ᠪᠠᠶᠠᠷᠯᠠᠭᠤᠰᠢᠲᠠᠢ ᠠᠮᠵᠢᠯᠲᠠ ᠣᠯᠵᠤ ᠂ ᠳᠡᠯᠡᠬᠡᠢ ᠳᠠᠬᠢ ᠪᠠᠶᠢᠷᠢ ᠰᠠᠭᠤᠷᠢ ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠳᠤ ᠳᠤᠮᠳᠠᠳᠤ ᠶᠢᠨ ᠲᠠᠯ᠎ᠠ ᠶᠢᠨ ᠬᠢᠨ ᠪᠠᠶᠠᠷ ᠲᠠᠢ ᠪᠠᠶᠢᠨ᠎ᠠ ᠃ ᠳᠤᠮᠳᠠᠳᠤ ᠸᠢᠶᠧᠲᠨᠠᠮ ᠴᠥᠮ ᠦᠨᠳᠦᠰᠦᠲᠡᠨ ᠤ ᠬᠥᠭᠵᠢᠯ ᠮᠠᠨᠳᠤᠯ ᠢ ᠪᠡᠶᠡᠯᠡᠭᠦᠯᠬᠦ ᠂ ᠤᠯᠤᠰ ᠤᠨ ᠬᠥᠭᠵᠢᠯᠲᠡ ᠪᠠᠨ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠳᠤ ᠦᠢᠯᠡᠴᠢᠯᠡᠵᠦ ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠬᠦᠷᠲᠡᠭᠡᠶ᠎ᠡ ᠭᠡᠵᠦ ᠵᠢᠭᠠᠵᠤ ᠭᠠᠷᠭᠠᠪᠠ ᠃    ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠤᠯᠤᠰ ᠲᠦᠷᠦ ᠶᠢᠨ ᠦᠨᠳᠦᠰᠦ ᠰᠠᠭᠤᠷᠢ ᠶᠢ ᠪᠠᠬᠢᠵᠢᠭᠦᠯᠦᠶ᠎ᠡ ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠡᠵᠡᠷᠬᠡᠬᠦ ᠦᠵᠡᠯ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠵᠦ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠠᠭᠠᠯᠠᠶ᠎ᠠ ᠃    ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠤᠶᠠᠷ ᠤᠯᠤᠰ ᠤᠨ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠶ᠎ᠠ ᠃ ᠳᠤᠮᠳᠠᠳᠤ ᠸᠢᠶᠧᠲᠨᠠᠮ ᠤᠨ ᠡᠬᠡ ᠬᠠᠭᠤᠷᠠᠢ ᠳᠠᠯᠠᠢ ᠲᠠᠩᠭᠢᠰ ᠵᠠᠯᠭᠠᠯᠳᠤᠭᠰᠠᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠠᠵᠤ ᠦᠢᠯᠡᠰ ᠤᠨ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠤᠶ᠎ᠠ ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ ᠂ ᠠᠷᠠᠯᠵᠢᠶᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ ᠃ ᠠᠷᠠᠯᠵᠢᠶ᠎ᠠ ᠂ ᠪᠡᠯᠡ ᠣᠷᠣᠭᠤᠯᠤᠯᠲᠠ ᠵᠡᠷᠭᠡ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ 5G ᠂ ᠵᠣᠬᠢᠶᠠᠮᠠᠯ ᠤᠶᠤᠨ ᠴᠢᠳᠠᠪᠤᠷᠢ ᠂ ᠴᠡᠪᠡᠷ ᠡᠨᠧᠷᠭᠢ ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠲᠤᠷᠠᠯᠴᠠᠭ᠎ᠠ ᠪᠠᠨ ᠥᠷᠭᠡᠳᠬᠡᠶ᠎ᠡ ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ ᠂ ᠪᠠᠭᠲᠠᠭᠠᠮᠵᠢᠲᠠᠢ ᠂ ᠲᠦᠭᠡᠮᠡᠯ ᠬᠠᠷᠠᠭᠠᠯᠵᠠᠯᠲᠤ ᠂ ᠲᠡᠩᠴᠡᠭᠦᠷᠢᠲᠡᠢ ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠠᠬᠢᠭᠤᠯᠤᠶ᠎ᠠ ᠃    ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠤᠣᠯ ᠭᠦᠭ ᠠᠶᠠᠰ ᠢ ᠴᠢᠪᠬᠠᠳᠠᠶ᠎ᠠ ᠃ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠵᠢᠴᠢ ︽ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠪᠠᠷ ᠪᠠᠷᠠᠬᠤ ᠦᠭᠡᠢ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠴᠦ ᠰᠠᠶᠢᠲᠤᠷ ᠶᠠᠷᠢᠶ᠎ᠠ ᠃ ᠠᠷᠠᠳ ᠤᠨ ᠰᠡᠳᠬᠢᠯ ᠢ ᠣᠯᠬᠤ ᠂ ᠠᠷᠠᠳ ᠤᠨ ᠰᠠᠨᠠᠭ᠎ᠠ ᠶᠢ ᠳᠠᠭᠠᠬᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠨᠠᠩ ᠣᠯᠠᠨ ᠲᠥᠷᠥᠯ ᠵᠦᠢᠯ ᠢ ᠬᠡᠷᠡᠭᠵᠢᠭᠦᠯᠦᠶ᠎ᠡ ᠭᠡᠵᠦ ᠴᠢᠬᠤᠯᠠᠴᠢᠯᠠᠪᠠ ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1