ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠣᠷᠣᠢ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ ᠃ | ᠰᠢ ᠶᠢᠨ ᠫᠢᠩ ᠂ ᠸᠢᠶᠧᠲᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ ᠂ ᠸᠢᠶᠧᠲᠨᠠᠮ ᠤᠨ | ᠰᠢᠨᠡᠴᠢᠯᠡᠯᠲᠡ ᠶᠢᠨ ᠦᠢᠯᠡᠰ ᠤᠨ ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ ᠭᠡᠷᠡᠴᠢᠯᠡᠵᠦ ᠂ ᠳᠤᠮᠳᠠᠳᠤ | ᠸᠢᠶᠧᠲᠨᠠᠮ ᠤᠨ ᠨᠥᠬᠦᠷᠯᠡᠯ ᠤᠨ ᠭᠦᠨ ᠵᠤᠵᠠᠭᠠᠨ ᠰᠠᠭᠤᠷᠢ ᠶᠢ ᠪᠡᠶ᠎ᠡ ᠪᠠᠷ ᠢᠶᠠᠨ ᠮᠡᠳᠡᠷᠡᠵᠦ ᠣᠯᠪᠠ ᠃ ᠣᠳᠣᠬᠠᠨ ᠳᠤ ᠂ | ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠂ | ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠦᠨ᠎ᠡ ᠂ ᠬᠤᠶᠠᠷ ᠲᠠᠯ᠎ᠠ ᠪᠠᠷ ᠢᠶᠠᠨ | ᠴᠥᠮ ᠥᠪᠡᠷ ᠥᠪᠡᠷ ᠤᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ ᠃ ᠤᠷᠪᠠᠭᠠᠨ | ᠬᠥᠷᠪᠡᠭᠡᠨ ᠲᠠᠢ ᠳᠡᠯᠡᠬᠡᠢ ᠶᠢᠨ ᠴᠠᠭ ᠤᠨ ᠪᠠᠶᠢᠳᠠᠯ ᠤᠨ ᠡᠮᠦᠨ᠎ᠡ ᠂ ᠳᠤᠮᠳᠠᠳᠤ ᠸᠢᠶᠧᠲᠨᠠᠮ ᠬᠤᠶᠠᠷ ᠤᠯᠤᠰ ᠵᠠᠮ ᠤᠨ ᠢᠲᠡᠭᠡᠯ | ᠪᠣᠯᠣᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ ᠂ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ ᠂ | ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ ᠃ | | ᠰᠢ ᠶᠢᠨ ᠫᠢᠩ ᠂ ᠳᠤᠮᠳᠠᠳᠤ ᠸᠢᠶᠧᠲᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ | ᠤᠯᠤᠰ ᠮᠥᠨ ᠂ ᠤᠯᠤᠰ ᠲᠥᠷᠥ ᠶᠢᠨ ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠪᠣᠯᠣᠨ | ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ ᠢᠯᠠᠭᠳᠠᠬᠤ ᠲᠠᠢ ᠬᠤᠯᠪᠣᠭᠳᠠᠵᠤ ᠪᠠᠶᠢᠳᠠᠭ ᠃ ᠬᠤᠶᠠᠷ ᠨᠠᠮ | ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ | ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ ᠰᠠᠨᠠᠯ ᠢᠶᠠᠨ ᠰᠣᠯᠢᠯᠴᠠᠵᠤ ᠂ ᠬᠠᠮᠲᠤ ᠶᠢᠨ | ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ ᠂ ᠢᠲᠡᠭᠡᠯᠴᠡᠭᠡ ᠪᠠᠨ ᠨᠡᠮᠡᠭᠳᠡᠭᠦᠯᠵᠦ ᠂ ᠴᠢᠭᠯᠡᠯ ᠢᠶᠠᠨ ᠪᠠᠲᠤᠳᠬᠠᠵᠤ ᠂ | ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠯᠭᠡ ᠣᠩᠭᠤᠴᠠ ᠶᠢᠨ ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ ᠃ | ᠨᠠᠮ ᠤᠨ ᠬᠤᠭᠤᠷᠤᠨᠳᠤᠭᠢ ᠂ ᠬᠠᠤᠯᠢ ᠲᠣᠭᠲᠠᠭᠠᠬᠤ ᠪᠠᠶᠢᠭᠤᠯᠤᠮᠵᠢ ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠪᠠᠲᠤᠯᠠᠵᠤ ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ ᠃ ᠬᠤᠶᠠᠷ | ᠲᠠᠯ᠎ᠠ ᠪᠠᠷ ᠢᠶᠠᠨ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ | ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ ᠂ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠂ ᠬᠤᠶᠠᠷ | ᠤᠯᠤᠰ ᠤᠨ ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠨᠥᠭᠦᠷᠰᠡᠭ ᠬᠠᠶᠢᠷ᠎ᠠ | ᠰᠡᠳᠬᠢᠯᠭᠡ ᠶᠢ ᠨᠡᠮᠡᠭᠳᠡᠭᠦᠯᠵᠦ ᠂ ᠬᠤᠶᠠᠷ ᠤᠯᠤᠰ ᠤᠨ ᠨᠥᠬᠦᠷᠯᠡᠯ ᠤᠨ ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ | ᠸᠢᠶᠧᠲᠨᠠᠮ ᠤᠨ ᠤᠯᠤᠰ ᠤᠨ ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ ᠂ ᠬᠠᠮᠲᠤᠷᠠᠯᠴᠠᠭ᠎ᠠ ᠦᠯᠡᠮᠵᠢ ᠦᠷ᠎ᠡ | ᠪᠦᠲᠦᠭᠡᠯ ᠣᠯᠪᠠ ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠤᠯᠠᠮᠵᠢᠯᠠᠯᠲᠤ ᠨᠥᠬᠦᠷᠯᠡᠯ ᠢᠶᠠᠨ | ᠴᠢᠩᠭᠠᠳᠬᠠᠬᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠂ ᠤᠯᠠᠨ ᠲᠠᠯ᠎ᠠ ᠶᠢᠨ | ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠠᠵᠢᠯ ᠬᠢᠵᠦ ᠂ ᠲᠤᠰ ᠲᠤᠰ ᠤᠨ ᠤᠯᠤᠰ ᠤᠨ ᠢᠶᠠᠨ ᠨᠡᠶᠢᠭᠡᠮ | ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ ᠂ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ | ᠭᠡᠵᠦ ᠵᠢᠭᠠᠵᠤ ᠭᠠᠷᠭᠠᠪᠠ ᠃ | ᠴᠧᠨ ᠴᠢᠩ ᠮᠢᠨ ᠂ ᠸᠢᠶᠧᠲᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ ᠂ ᠬᠤᠶᠠᠷ ᠨᠠᠮ ᠬᠤᠶᠠᠷ | ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ ᠨᠥᠬᠦᠷ ᠪᠥᠭᠡᠳ | ᠠᠬ᠎ᠠ ᠳᠡᠭᠦᠦ ︾ ᠶᠢᠨ ᠴᠢᠩ ᠦᠨᠡᠨᠴᠢ ᠨᠥᠬᠦᠷᠯᠡᠯ ᠢ ᠪᠠᠶᠢᠭᠤᠯᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠤᠷᠳᠤ | ᠬᠤᠭᠤᠴᠠᠭ᠎ᠠ ᠪᠠᠷ ᠨᠥᠭᠦᠷᠰᠡᠭ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠨᠢ | ᠳᠤᠮᠳᠠᠳᠤ ᠤᠯᠤᠰ ᠤᠨ ᠨᠠᠮ ᠂ ᠤᠯᠤᠰ ᠪᠣᠯᠣᠨ ᠠᠷᠠᠳ ᠲᠦᠮᠡᠨ ᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ | ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ ᠃ ᠬᠤᠶᠠᠷ ᠨᠠᠮ ᠤᠨ ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ | ᠠᠴᠢ ᠬᠤᠯᠪᠣᠭᠳᠠᠯ ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠲᠤᠬᠠᠢ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠲᠨᠠᠮ ᠳᠤᠮᠳᠠᠳᠤ ᠶᠢᠨ | ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠬᠤ ᠪᠣᠯᠣᠨ᠎ᠠ ᠃ ᠸᠢᠶᠧᠲᠨᠠᠮ ᠤᠨ ᠤᠯᠤᠰ ᠤᠨ | ᠬᠤᠷᠠᠯ ᠤᠨ ᠬᠢᠨ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠲᠠᠢ ᠨᠢᠭᠲᠠ ᠣᠯᠣᠯᠴᠠᠨ ᠬᠠᠮᠲᠤᠷᠠᠯᠴᠠᠵᠤ ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ | ᠬᠥᠮᠥᠰ ᠤᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ ᠂ ᠬᠤᠶᠠᠷ | ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃ |