ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 15 ᠤ | ᠦᠳᠡ ᠶᠢᠨ ᠡᠮᠦᠨ᠎ᠡ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ ᠸᠢᠶᠧᠲᠨᠠᠮ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ | ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ | ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ | ᠦᠶ᠎ᠡ ᠳᠤ ᠳᠤᠮᠳᠠᠳᠤ ᠸᠢᠶᠧᠲᠨᠠᠮ ᠤᠨ ᠡᠯ᠎ᠡ ᠡᠲᠡᠭᠡᠳ ᠤᠨ ᠨᠥᠭᠦᠷᠰᠡᠭ ᠬᠥᠮᠥᠰ ᠬᠠᠯᠠᠭᠤᠨ ᠠᠯᠠᠭ᠎ᠠ ᠲᠡᠰᠢᠯᠲᠡ ᠪᠠᠷ | ᠤᠭᠲᠤᠪᠠ ᠃ | 4 ᠰᠠᠷ᠎ᠠ ᠶᠢᠨ 15 ᠤ ᠦᠳᠡ ᠶᠢᠨ ᠡᠮᠦᠨ᠎ᠡ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ ᠸᠢᠶᠧᠲᠨᠠᠮ ᠤᠨ ᠤᠯᠤᠰ ᠤᠨ | ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ | ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ ᠃ ᠵᠢᠷᠤᠭ ᠪᠣᠯ ᠰᠢ ᠶᠢᠨ ᠫᠢᠩ ︽ᠡᠶᠡᠯᠳᠡᠭ ᠬᠥᠷᠰᠢ ᠶᠢᠨ | ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ ᠬᠤᠪᠢ ᠵᠠᠶᠠᠭ᠎ᠠ ᠪᠠᠨ ᠬᠠᠮᠲᠤᠳᠬᠠᠬᠤ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ ᠪᠠᠶᠢᠭ᠎ᠠ ᠨᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ ︽ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ ᠬᠤᠪᠢ | ᠵᠠᠶᠠᠭ᠎ᠠ ᠪᠠᠨ ᠬᠠᠮᠲᠤᠳᠬᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ︾ ᠭᠡᠬᠦ ᠰᠡᠳᠦᠪ ᠢᠶᠠᠷ ᠪᠠᠶᠠᠷ ᠤᠨ ᠦᠭᠡ | ᠬᠡᠯᠡᠪᠡ ᠃ | ᠰᠢ ᠶᠢᠨ ᠫᠢᠩ ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠪᠡ ᠃ ᠰᠢ ᠶᠢᠨ ᠫᠢᠩ ᠂ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠦᠨᠳᠦᠰᠦ ᠰᠠᠭᠤᠷᠢ ᠨᠢ | ᠠᠷᠠᠳ ᠲᠦᠮᠡᠨ ᠳᠤ ᠪᠤᠢ ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ ᠂ ᠬᠦᠴᠦᠨ ᠴᠢᠳᠠᠯ ᠨᠢ ᠠᠷᠠᠳ ᠲᠦᠮᠡᠨ ᠳᠤ | ᠪᠤᠢ ᠃ ᠤᠷᠳᠤ ᠬᠤᠭᠤᠴᠠᠭᠠᠨ ᠤ ᠲᠤᠷᠰᠢ ᠭᠠᠷ ᠬᠤᠯᠪᠣᠨ ᠮᠥᠬᠦᠯ ᠠᠴᠠ ᠠᠪᠤᠷᠠᠵᠤ ᠣᠷᠣᠰᠢᠯ ᠲᠣᠭᠲᠠᠨᠢᠯ ᠢ | ᠬᠥᠭᠡᠭᠡᠴᠡᠯᠳᠦᠨ ᠬᠤᠪᠢᠰᠬᠠᠯ ᠤᠨ ᠣᠴᠢ ᠶᠢ ᠳᠦᠷᠡᠯᠵᠡᠭᠦᠯᠦᠭᠰᠡᠨ ᠠᠴᠠ᠂ ᠮᠥᠷᠥ ᠵᠡᠷᠭᠡᠴᠡᠨ ᠪᠠᠶᠢᠯᠳᠤᠵᠤ ᠤᠯᠤᠰ ᠤᠨ | ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ ᠂ ᠲᠠᠭᠢᠨ | ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ ᠭᠦᠷᠲᠡᠯ᠎ᠡ ᠳᠤᠮᠳᠠᠳᠤ ᠸᠢᠶᠧᠲᠨᠠᠮ ᠬᠤᠶᠠᠷ ᠤᠯᠤᠰ ᠤᠨ | ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠵᠢᠷᠭᠠᠯ ᠵᠣᠪᠠᠯᠠᠩ ᠢᠶᠠᠨ ᠬᠠᠮᠲᠤᠳᠬᠠᠵᠤ ᠂ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠨ ᠶᠤᠮ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠳᠤᠮᠳᠠᠳᠤ ᠸᠢᠶᠧᠲᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠵᠤ ᠂ ᠬᠤᠶᠠᠷ ᠤᠯᠤᠰ ᠤᠨ ᠠᠷᠠᠳ ᠲᠦᠮᠡᠨ ᠤᠯᠤᠰ ᠤᠨ | ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠲᠡᠮᠡᠴᠡᠨ ᠣᠯᠬᠤ ᠲᠥᠪ ᠶᠣᠰᠣᠨ ᠤ ᠦᠢᠯᠡᠰ ᠤᠨ | ᠳᠤᠮᠳᠠ ᠮᠥᠷᠥ ᠵᠡᠷᠭᠡᠴᠡᠨ ᠪᠠᠶᠢᠯᠳᠤᠵᠤ ᠂ ︽ᠨᠥᠬᠦᠷ ᠪᠥᠭᠡᠳ ᠠᠬ᠎ᠠ ᠳᠡᠭᠦᠦ ︾ ᠶᠢᠨ ᠭᠦᠨ ᠵᠤᠵᠠᠭᠠᠨ ᠨᠥᠬᠦᠷᠯᠡᠯ ᠢ ᠭᠠᠯ | ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ ᠃ ᠳᠤᠮᠳᠠᠳᠤ ᠸᠢᠶᠧᠲᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ | ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ ᠴᠡᠴᠡᠭᠯᠡᠨ ᠵᠢᠮᠢᠰᠯᠡᠵᠦ ᠂ ᠬᠤᠶᠠᠷ ᠲᠠᠯ᠎ᠠ ᠪᠠᠷ ᠢᠶᠠᠨ ︽ᠵᠢᠷᠭᠤᠭᠠᠨ ᠨᠡᠩ | ᠪᠠᠶᠢᠬᠤ ︾ ᠶᠡᠷᠦᠩᠬᠡᠢ ᠬᠠᠷᠠᠯᠲᠠ ᠶᠢ ᠪᠠᠲᠤ ᠡᠵᠡᠮᠳᠡᠵᠦ ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ | ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠲᠡᠮᠵᠢᠵᠤ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ | ᠦᠢᠯᠡᠰ ᠤᠨ ᠰᠢᠨ᠎ᠡ ᠠᠮᠵᠢᠯᠲᠠ ᠶᠢ ᠲᠠᠰᠤᠷᠠᠯᠳᠠ ᠦᠭᠡᠢ ᠡᠭᠦᠳᠪᠡ ᠃ ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ | ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠵᠦ ᠂ ᠬᠤᠶᠠᠷ | ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ ᠂ ᠢᠮᠠᠭᠲᠠ ᠲᠡᠦᠬᠡ ᠶᠢᠨ ᠵᠥᠪ ᠲᠠᠯ᠎ᠠ ᠂ ᠴᠠᠭ | ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ | ᠢᠳᠡᠪᠬᠢ ᠬᠦᠴᠦᠨ ᠬᠠᠩᠭᠠᠵᠠᠢ ᠭᠡᠵᠦ ᠴᠢᠬᠤᠯᠠᠴᠢᠯᠠᠪᠠ ᠃ | 4 ᠰᠠᠷ᠎ᠠ ᠶᠢᠨ 15 ᠤ ᠦᠳᠡ ᠶᠢᠨ ᠡᠮᠦᠨ᠎ᠡ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ ᠸᠢᠶᠧᠲᠨᠠᠮ ᠤᠨ ᠤᠯᠤᠰ ᠤᠨ | ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ | ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ ᠃ ᠵᠢᠷᠤᠭ ᠪᠣᠯ ᠠᠵᠢᠯᠯᠠᠭ᠎ᠠ ᠠᠴᠠ ᠡᠮᠦᠨ᠎ᠡ ᠰᠢ ᠶᠢᠨ ᠫᠢᠩ | ᠰᠦ᠋ ᠯᠢᠨ ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ ᠦᠵᠡᠰᠭᠦᠯᠡᠩ ᠢ ᠰᠣᠨᠢᠷᠬᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ ᠂ ᠬᠤᠶᠠᠷ ᠤᠯᠤᠰ ᠤᠨ ᠠᠷᠠᠳ | ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ ᠃ ᠵᠠᠯᠠᠭᠤᠴᠤᠳ ᠪᠣᠯ ᠠᠵᠢᠯ ᠦᠢᠯᠡᠰ ᠤᠨ ᠢᠷᠡᠭᠡᠳᠦᠢ ᠪᠠ ᠬᠦᠰᠡᠯ | ᠡᠷᠡᠮᠡᠯᠵᠡᠯ ᠮᠥᠨ ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠳᠤᠮᠳᠠᠳᠤ | ᠤᠯᠤᠰ ᠲᠤ ᠤᠷᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ ︾ ᠢ ᠥᠷᠨᠢᠭᠦᠯᠵᠦ ᠂ ᠬᠤᠶᠠᠷ ᠨᠠᠮ ᠬᠤᠶᠠᠷ | ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ ᠬᠤᠪᠢᠰᠬᠠᠯ ᠤᠨ ᠤᠯᠠ ᠮᠥᠷ ᠢ ᠮᠥᠷᠳᠡᠵᠦ ᠂ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠤᠯᠠᠨ ᠲᠠᠯ᠎ᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠵᠤ ᠂ ᠬᠤᠶᠠᠷ ᠤᠯᠤᠰ ᠤᠨ | ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ | ᠴᠢᠳᠠᠯ ᠢ ᠨᠢᠭᠲᠠᠷᠠᠭᠤᠯᠤᠨ᠎ᠠ ᠭᠡᠵᠦ ᠵᠢᠭᠠᠵᠤ ᠭᠠᠷᠭᠠᠪᠠ ᠃ | ᠰᠦ᠋ ᠯᠢᠨ ᠂ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠳᠤ ᠲᠡᠦᠬᠡᠲᠦ ᠴᠢᠨᠠᠷᠲᠠᠢ | ᠠᠶᠢᠯᠴᠢᠯᠠᠯᠲᠠ ᠬᠢᠵᠦ ᠂ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ | ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠢ ᠬᠠᠮᠲᠤ ᠪᠠᠷ ᠪᠡᠯᠭᠡᠯᠡᠬᠦ ᠲᠠᠰᠢᠷᠠᠮ ᠳᠤ ᠳᠤᠮᠳᠠᠳᠤ ᠸᠢᠶᠧᠲᠨᠠᠮ ᠤᠨ ᠠᠷᠠᠳ | ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠢ ᠡᠷᠭᠢᠯᠡᠭᠦ ᠨᠢ ᠴᠢᠬᠤᠯᠠ ᠠᠴᠢ ᠬᠤᠯᠪᠣᠭᠳᠠᠯ ᠲᠠᠢ ᠶᠤᠮ ᠃ ᠨᠥᠭᠦᠷᠰᠡᠭ | ᠬᠠᠮᠲᠤᠷᠠᠯᠴᠠᠭ᠎ᠠ ᠪᠣᠯ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠭᠤᠣᠯ ᠤᠷᠤᠰᠬᠠᠯ ᠪᠣᠯᠣᠭᠰᠠᠭᠠᠷ ᠢᠷᠡᠵᠠᠢ ᠂ ᠳᠤᠮᠳᠠᠳᠤ | ᠤᠯᠤᠰ ᠤᠨ ᠨᠠᠮ ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠲᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ ᠂ | ᠤᠯᠤᠰ ᠤᠨ ᠨᠢᠭᠡᠳᠦᠯ ᠪᠣᠯᠣᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠵᠡᠢ ᠂ | ᠸᠢᠶᠧᠲᠨᠠᠮ ᠤᠨ ᠬᠢᠨ ᠡᠭᠦᠨ ᠢ ᠢᠮᠠᠭᠲᠠ ᠪᠠᠲᠤ ᠴᠡᠭᠡᠵᠢᠯᠡᠨ᠎ᠡ ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ | ᠱᠠᠲᠤᠨ ᠳᠤ ᠣᠷᠣᠬᠤ ᠶᠢ ᠬᠥᠲᠥᠯᠥᠨ ᠳᠠᠭᠠᠭᠤᠯᠬᠤ ᠨᠢ ᠪᠠᠰᠠ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠳᠤ | ᠴᠢᠬᠤᠯᠠ ᠬᠤᠪᠢ ᠨᠡᠮᠡᠷᠢ ᠦᠵᠡᠭᠦᠯᠭᠦ ᠪᠣᠯᠣᠨ᠎ᠠ ᠃ ᠵᠠᠯᠠᠭᠤᠴᠤᠳ ᠪᠣᠯ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ | ᠤᠯᠠᠮᠵᠢᠯᠠᠨ ᠬᠥᠭᠵᠢᠭᠦᠯᠬᠦ ᠬᠦᠰᠡᠯ ᠡᠷᠡᠮᠡᠯᠵᠡᠯ ᠮᠥᠨ ᠃ ᠸᠢᠶᠧᠲᠨᠠᠮ ᠳᠤᠮᠳᠠᠳᠤ ᠶᠢᠨ ᠵᠠᠯᠠᠭᠤᠴᠤᠳ ᠲᠡᠦᠬᠡᠲᠦ ᠡᠭᠦᠷᠭᠡ ᠪᠠᠨ | ᠡᠭᠦᠷᠭᠡᠯᠡᠵᠦ ᠂ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠪᠡᠶ᠎ᠡ ᠪᠠᠷ ᠢᠶᠠᠨ ᠴᠣᠭᠴᠠᠯᠠᠨ | ᠪᠠᠶᠢᠭᠤᠯᠵᠤ ᠪᠤᠶᠢᠵᠢᠭᠤᠯᠤᠭᠰᠠᠨ ᠤᠯᠠᠮᠵᠢᠯᠠᠯᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠶ᠎ᠠ᠃ ᠸᠢᠶᠧᠲᠨᠠᠮ ᠤᠨ | ᠵᠠᠯᠠᠭᠤᠴᠤᠳ ᠤᠨ ᠳᠤᠮᠳᠠᠳᠤ ᠤᠯᠤᠰ ᠲᠤ ᠣᠴᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ ︾ ᠤᠨ | ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠬᠤᠶᠠᠷ ᠤᠯᠤᠰ ᠤᠨ ︽ᠨᠥᠬᠦᠷ ᠪᠥᠭᠡᠳ ᠠᠬ᠎ᠠ ᠳᠡᠭᠦᠦ ︾ ᠶᠢᠨ ᠨᠥᠬᠦᠷᠯᠡᠯ ᠢ | ᠭᠦᠨᠵᠡᠭᠡᠶᠢᠷᠡᠭᠦᠯᠦᠶ᠎ᠡ᠃ ᠵᠠᠮ ᠨᠡᠭᠡᠭᠡᠨ ᠰᠢᠨ᠎ᠡ ᠶᠢ ᠡᠭᠦᠳᠴᠦ ᠂ ᠪᠦᠯᠬᠦᠮᠳᠡᠨ ᠬᠠᠮᠵᠢᠯᠴᠠᠵᠤ ᠂ ᠬᠥᠭᠵᠢᠯᠲᠡ ᠶᠢ ᠬᠠᠮᠲᠤ ᠪᠠᠷ | ᠡᠷᠢᠯᠬᠢᠯᠡᠵᠦ ᠂ ᠬᠤᠶᠠᠷ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠭᠤᠣᠯ ᠬᠦᠴᠦᠨ ᠴᠡᠷᠢᠭ ᠤᠨ ᠦᠢᠯᠡᠳᠦᠯ ᠢᠶᠠᠨ | ᠪᠠᠳᠠᠷᠠᠭᠤᠯᠤᠶ᠎ᠠ ᠭᠡᠵᠦ ᠢᠯᠡᠳᠬᠡᠪᠡ ᠃ | | 4 ᠰᠠᠷ᠎ᠠ ᠶᠢᠨ 15 ᠤ ᠦᠳᠡ ᠶᠢᠨ ᠡᠮᠦᠨ᠎ᠡ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ ᠸᠢᠶᠧᠲᠨᠠᠮ ᠤᠨ ᠤᠯᠤᠰ ᠤᠨ | ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ | ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ ᠃ ᠵᠢᠷᠤᠭ ᠪᠣᠯ ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ | ᠪᠣᠯᠣᠨ ᠰᠦ᠋ ᠯᠢᠨ ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ ︾ ᠤᠨ ᠲᠦᠷᠦᠯ | ᠵᠦᠢᠯ ᠢ ᠡᠬᠢᠯᠡᠭᠦᠯᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ | ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ ᠦᠵᠡᠰᠭᠦᠯᠡᠩ ᠢ | ᠰᠣᠨᠢᠷᠬᠠᠵᠤ ᠂ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠶᠢᠨ ᠬᠤᠪᠣᠷ ᠨᠠᠨᠳᠢᠨ ᠵᠢᠷᠤᠭ | ᠳᠦᠷᠰᠦ ᠶᠢ ᠡᠷᠭᠢᠴᠡᠭᠦᠯᠪᠡ ᠃ | ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ | ᠰᠤᠳᠤᠯᠤᠨ ᠰᠤᠷᠤᠯᠴᠠᠬᠤ ᠠᠶᠠᠯᠠᠯ ︾ ᠤᠨ ᠲᠦᠷᠦᠯ ᠵᠦᠢᠯ ᠢ ᠡᠬᠢᠯᠡᠭᠦᠯᠪᠡ ᠃ ᠰᠢ ᠶᠢᠨ ᠫᠢᠩ ᠪᠣᠯᠣᠨ ᠰᠦ᠋ ᠯᠢᠨ ᠂ ᠹᠠᠨ | ᠮᠢᠩ ᠵᠧᠩ ᠬᠠᠮᠲᠤ ᠪᠠᠷ ᠳᠤᠮᠳᠠᠳᠤ ᠸᠢᠶᠧᠲᠨᠠᠮ ᠤᠨ ᠲᠡᠮᠦᠷ ᠵᠠᠮ ᠤᠨ ᠬᠠᠮᠲᠤᠷᠠᠯᠴᠠᠭᠠᠨ ᠤ ᠲᠣᠭᠲᠠᠴᠠ ᠶᠢᠨ ᠡᠭᠢᠯᠡᠯᠲᠡ ᠶᠢᠨ | ᠶᠣᠰᠣᠯᠠᠯ ᠢ ᠭᠡᠷᠡᠴᠢᠯᠡᠪᠡ ᠃ | ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ |