— ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ | ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠪᠠᠶᠠᠷ ᠤᠨ ᠦᠭᠡ | ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ | ︵2025 ᠣᠨ ᠤ 4 ᠰᠠᠷ᠎ᠠ ᠶᠢᠨ 15 ᠤ ᠡᠳᠦᠷ ᠬᠠᠨᠤᠢ ᠳᠤ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠢ ᠱᠦᠵᠢ ᠰᠦ᠋ ᠯᠢᠨ | ᠳᠤᠮᠳᠠᠳᠤ ᠸᠢᠶᠧᠲᠨᠠᠮ ᠬᠤᠶᠠᠷ ᠤᠯᠤᠰ ᠤᠨ ᠨᠥᠬᠦᠳ ᠂ ᠨᠠᠶᠢᠵᠠ ᠨᠠᠷ ᠠ᠋ ᠄ | ᠰᠠᠶᠢᠨ ᠪᠠᠶᠢᠵᠠᠭᠠᠨ᠎ᠠ ᠦᠦ ︕ | ᠬᠠᠨᠤᠢ ᠳᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠳᠤ | ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠪᠢ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ ᠨᠠᠷ ᠲᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠵᠦ ᠪᠠᠶᠢᠨ᠎ᠠ ᠃ ᠡᠨᠡ ᠪᠣᠯ ᠮᠢᠨᠤ 10 ᠵᠢᠯ ᠤᠨ ᠳᠣᠲᠣᠷ᠎ᠠ ᠸᠢᠶᠧᠲᠨᠠᠮ ᠳᠤ ᠳᠥᠷᠪᠡᠳᠡᠬᠢ ᠤᠳᠠᠭ᠎ᠠ ᠠᠶᠢᠯᠴᠢᠯᠠᠵᠤ | ᠪᠠᠶᠢᠭ᠎ᠠ ᠶᠠᠪᠤᠳᠠᠯ ᠪᠤᠯᠬᠤ ᠪᠥᠭᠡᠳ ᠪᠠᠰᠠ ᠴᠤ ᠮᠢᠨᠤ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠶᠢᠨ ᠠᠩᠬᠠᠨ ᠤ | ᠥᠷᠲᠡᠭᠡ ᠪᠣᠯᠣᠨ᠎ᠠ ᠃ ᠥᠴᠥᠭᠡᠳᠦᠷ ᠦᠳᠡ ᠶᠢᠨ ᠬᠤᠶᠢᠨ᠎ᠠ ᠂ ᠪᠢ ᠶᠡᠷᠦᠩᠬᠡᠢ ᠱᠦᠵᠢ ᠰᠦ᠋ ᠯᠢᠨ ᠲᠠᠢ ᠪᠠᠶᠠᠯᠢᠭ ᠦᠷ᠎ᠡ | ᠪᠦᠲᠦᠭᠡᠯ ᠣᠯᠣᠭᠰᠠᠨ ᠬᠡᠯᠡᠯᠴᠡᠭᠡ ᠬᠢᠵᠦ ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ ᠃ | ᠰᠠᠶ᠋ᠢᠬᠠᠨ ᠂ ᠶᠡᠷᠦᠩᠬᠡᠢ ᠱᠦᠵᠢ ᠰᠦ᠋ ᠯᠢᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠪᠠ ᠂ ᠪᠢ ᠲᠡᠭᠦᠨ ᠤ | ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠵᠦ | ᠪᠠᠶᠢᠨ᠎ᠠ ᠃ | ︽ ᠤᠷᠭᠤᠭ᠎ᠠ ᠮᠣᠳᠣ ᠦᠨᠳᠦᠰᠦ ᠲᠠᠢ ᠂ ᠠᠭᠤᠯᠠ ᠤᠰᠤ ᠡᠬᠢ ᠲᠠᠢ ︾ ᠃ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠶᠢᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ ᠂ | ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠨ᠎ᠠ ᠃ ᠤᠷᠳᠤ ᠬᠤᠭᠤᠴᠠᠭᠠᠨ ᠤ ᠲᠤᠷᠰᠢ ᠂ ᠭᠠᠷ ᠬᠤᠯᠪᠣᠨ ᠮᠥᠬᠦᠯ ᠠᠴᠠ | ᠠᠪᠤᠷᠠᠵᠤ ᠣᠷᠣᠰᠢᠨ ᠲᠣᠭᠲᠠᠨᠢᠬᠤ ᠪᠠᠷ ᠲᠡᠮᠡᠴᠡᠵᠦ ᠬᠤᠪᠢᠰᠬᠠᠯ ᠤᠨ ᠦᠷ᠎ᠡ ᠶᠢ ᠰᠠᠴᠤᠭᠰᠠᠨ ᠠᠴᠠ᠂ ᠮᠥᠷᠥ ᠵᠡᠷᠭᠡᠴᠡᠨ | ᠪᠠᠶᠢᠯᠳᠤᠵᠤ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ ᠂ | ᠲᠠᠭᠢᠭᠠᠳ ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ ᠭᠦᠷᠲᠡᠯ᠎ᠡ ᠂ ᠳᠤᠮᠳᠠᠳᠤ ᠸᠢᠶᠧᠲᠨᠠᠮ ᠬᠤᠶᠠᠷ | ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠵᠢᠷᠭᠠᠯ ᠵᠣᠪᠠᠯᠠᠩ ᠢᠶᠠᠨ | ᠬᠠᠮᠲᠤᠳᠬᠠᠵᠤ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠭᠡᠷ ᠢᠷᠡᠪᠡ ᠃ | | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠪᠠ ᠃ ᠳᠤᠮᠳᠠᠳᠤ ᠤᠯᠤᠰ ᠸᠢᠶᠧᠲᠨᠠᠮ ᠤᠨ ᠠᠷᠠᠳ ᠲᠦᠮᠡᠨ ᠤ | ᠹᠷᠠᠨᠼᠢ ᠶᠢ ᠡᠰᠡᠷᠭᠦᠴᠡᠬᠦ ᠂ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠲᠡᠮᠡᠴᠡᠯ ᠢ ᠪᠦᠭᠦ ᠬᠦᠴᠦ ᠪᠠᠷ ᠢᠶᠠᠨ | ᠲᠡᠮᠵᠢᠪᠠ ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠸᠢᠶᠧᠳ᠋ᠨᠠᠮ ᠤᠨ ᠰᠤᠷᠤᠬᠴᠢ ᠂ ᠸᠢᠶᠧᠳ᠋ᠨᠠᠮ ᠤᠨ ᠡᠪ ᠬᠠᠮᠲᠤ | ᠨᠠᠮ ᠤᠨ ᠡᠷᠲᠡ ᠦᠶ᠎ᠡ ᠶᠢᠨ ᠤᠳᠤᠷᠢᠳᠤᠭᠴᠢ ᠯᠢ ᠬᠤᠩ ᠹᠧᠩ ᠭᠤᠸᠠᠩᠵᠧᠦ ᠶᠢᠨ ᠪᠣᠰᠣᠯᠭ᠎ᠠ ᠳᠤ ᠣᠷᠣᠯᠴᠠᠵᠤ ᠂ ︽ | ᠬᠤᠶᠠᠷ ᠤᠯᠤᠰ ᠤᠨ ᠵᠠᠩᠵᠤᠨ ︾ ᠬᠤᠩ ᠱᠦᠢ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ | ᠤᠷᠳᠤ ᠵᠠᠮ ᠤᠨ ᠠᠶᠠᠨ ᠲᠠᠶᠢᠨ ᠳᠤ ᠣᠷᠣᠯᠴᠠᠪᠠ ᠃ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ | ᠴᠢᠯᠦᠭᠡᠯᠡᠯᠲᠡ ᠶᠢ ᠲᠡᠮᠡᠴᠡᠨ ᠣᠯᠬᠤ ᠰᠢᠳᠤᠷᠭᠤ ᠶᠣᠰᠣᠨ ᠤ ᠦᠢᠯᠡᠰ ᠤᠨ ᠳᠤᠮᠳᠠ ᠂ ᠳᠤᠮᠳᠠᠳᠤ ᠸᠢᠶᠧᠳ᠋ᠨᠠᠮ ᠬᠤᠶᠠᠷ | ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ ᠂ ︽ ᠨᠥᠬᠦᠷ ᠪᠥᠭᠡᠳ ᠠᠬ᠎ᠠ ᠳᠡᠭᠦᠦ ︾ ᠶᠢᠨ ᠭᠦᠨ ᠵᠤᠵᠠᠭᠠᠨ | ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ | ᠴᠡᠴᠡᠭᠯᠡᠨ ᠵᠢᠮᠢᠰᠯᠡᠪᠡ ᠃ ᠣᠶᠢᠷ᠎ᠠ ᠶᠢᠨ ᠵᠢᠯ ᠠᠴᠠ ᠨᠠᠭᠠᠰᠢ ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ | ᠨᠡᠩ ᠥᠨᠳᠥᠷ ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ | ᠭᠦᠨᠵᠡᠭᠡᠢ ᠂ ᠠᠷᠠᠳ ᠤᠨ ᠰᠠᠨᠠᠭ᠎ᠠ ᠶᠢᠨ ᠰᠠᠭᠤᠷᠢ ᠨᠡᠩ ᠪᠠᠲᠤ ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ | ᠴᠢᠩᠭ᠎ᠠ ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠨᠡᠩ ᠰᠠᠶᠢᠨ ︽ ᠵᠢᠷᠭᠤᠭᠠᠨ ᠨᠡᠩ ᠪᠠᠶᠢᠬᠤ ︾ | ᠶᠡᠷᠦᠩᠬᠡᠢ ᠬᠠᠷᠠᠯᠲᠠ ᠳᠤ ᠠᠩᠬᠠᠷᠤᠯ ᠲᠥᠪᠯᠡᠷᠡᠭᠦᠯᠵᠦ ᠂ ᠤᠯᠤᠰ ᠲᠦᠷᠦ ᠂ ᠠᠮᠤᠷ ᠲᠦᠪᠰᠢᠨ ᠂ ᠠᠵᠤ ᠠᠬᠤᠢ ᠠᠷᠠᠯᠵᠢᠶ᠎ᠠ ᠂ | ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ 30 ᠭᠠᠷᠤᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ ᠂ ᠬᠤᠶᠠᠷ | ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ ᠂ ᠳᠤᠮᠳᠠᠳᠤ ᠤᠯᠤᠰ ᠨᠢ | ᠸᠢᠶᠧᠲᠨᠠᠮ ᠤᠨ ᠭᠠᠳᠠᠭᠠᠳᠤ ᠪᠡᠯᠡ ᠶᠢᠨ ᠢᠷᠡᠯᠲᠡ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ ᠬᠤᠶᠠᠷ ᠤᠯᠤᠰ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ ᠂ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠂ | ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ ᠪᠠᠶᠢᠨ᠎ᠠ ᠃ ᠬᠤᠶᠠᠷ | ᠤᠯᠤᠰ ᠢᠶᠠᠷ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ ᠂ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ ᠂ ᠲᠠᠰᠤᠷᠠᠯᠲᠠ ᠦᠭᠡᠢ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠰᠢᠨ᠎ᠡ ᠠᠮᠵᠢᠯᠲᠠ ᠪᠦᠲᠦᠮᠵᠢ ᠶᠢ ᠣᠯᠪᠠ ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠳᠤᠮᠳᠠ | ᠤᠯᠠᠮᠵᠢᠯᠠᠭᠳᠠᠨ ᠭᠦᠨᠵᠡᠭᠡᠶᠢᠷᠡᠪᠡ ᠃ ᠳᠡᠯᠡᠬᠡᠢ ᠶᠢᠨ ᠡᠩᠬᠡ ᠲᠠᠶᠢᠪᠤᠩ ᠪᠠ ᠬᠥᠮᠥᠨ ᠲᠥᠷᠥᠯᠬᠢᠲᠡᠨ ᠤ ᠲᠠᠪᠰᠢᠯᠳᠠ ᠪᠣᠯ | ᠬᠤᠶᠠᠷ ᠤᠯᠤᠰ ᠤᠨ ᠠᠷᠠᠳ ᠲᠦᠮᠡᠨ ᠤ ᠬᠠᠮᠲᠤ ᠪᠠᠷ ᠬᠥᠭᠡᠭᠡᠴᠡᠯᠳᠦᠬᠦ ᠡᠷᠬᠢᠮ ᠳᠡᠭᠡᠳᠦ ᠦᠢᠯᠡᠰ ᠮᠥᠨ ᠃ ᠤᠷᠪᠠᠭᠠᠨ | ᠬᠥᠷᠪᠡᠭᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠡᠷᠡᠰ ᠬᠠᠮᠠᠭᠠᠯᠠᠵᠤ ᠂ ᠢᠮᠠᠭᠲᠠ ᠲᠡᠦᠬᠡ ᠶᠢᠨ ᠵᠥᠪ ᠲᠠᠯ᠎ᠠ ᠂ ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ | ᠵᠣᠭᠰᠣᠵᠤ ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠢ | ᠬᠠᠩᠭᠠᠶ᠎ᠠ ᠃ | ᠨᠥᠬᠦᠳ ᠠ᠋ ᠂ ᠨᠠᠶᠢᠵᠠ ᠨᠠᠷ ᠠ᠋ ︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠂ ᠬᠤᠶᠠᠷ ᠤᠯᠤᠰ ᠤᠨ ᠠᠷᠠᠳ ᠲᠦᠮᠡᠨ ᠤ ᠬᠦᠷᠢᠶᠡᠯᠡᠯ | ᠪᠣᠯᠣᠨ ᠳᠡᠮᠵᠢᠯᠭᠡ ᠪᠣᠯ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠪᠠᠲᠤ | ᠪᠠᠬᠢ ᠰᠠᠭᠤᠷᠢ ᠮᠥᠨ ᠃ ᠡᠨᠡ ᠵᠢᠯ ᠪᠣᠯ ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ | ᠵᠢᠴᠢ ︽ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠪᠣᠯᠣᠨ᠎ᠠ ᠂ ᠪᠢᠳᠡ ᠤᠯᠠᠮᠵᠢᠯᠠᠯᠲᠤ | ᠨᠥᠬᠦᠷᠯᠡᠯ ᠢᠶᠠᠨ ᠦᠷᠭᠦᠯᠵᠢᠯᠡᠭᠦᠯᠵᠦ ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠨᠠᠷᠢᠨ ᠭᠤᠷᠤᠬ᠎ᠠ ᠶᠢ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠳᠣᠯᠭᠢᠶᠠᠯᠠᠨ ᠤᠷᠤᠰᠬᠤ ᠶᠡᠭᠡ ᠭᠤᠣᠯ ᠪᠤᠯᠭᠠᠵᠤ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠃ | ᠠᠳᠡ ᠰᠠᠭᠤᠯᠴᠠᠬᠰᠠᠳ ᠤᠨ ᠳᠣᠲᠣᠷ᠎ᠠ ᠴᠥᠭᠡᠨ ᠪᠤᠰᠤ ᠵᠠᠯᠠᠭᠤ ᠨᠠᠶᠢᠵᠠ ᠪᠠᠶᠢᠨ᠎ᠠ ᠃ ᠵᠠᠯᠠᠭᠤᠴᠤᠳ ᠪᠣᠯ ᠠᠵᠢᠯ | ᠦᠢᠯᠡᠰ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ | ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ︽ ᠬᠤᠪᠢᠰᠬᠠᠯᠲᠤ ᠰᠤᠳᠤᠯᠤᠨ ᠰᠤᠷᠤᠯᠴᠠᠬᠤ | ᠠᠶᠠᠯᠠᠯ ︾ ᠢ ᠥᠷᠨᠢᠭᠦᠯᠵᠦ ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ | ᠬᠤᠪᠢᠰᠬᠠᠯ ᠤᠨ ᠤᠯᠠ ᠮᠥᠷ ᠢ ᠮᠥᠷᠳᠡᠵᠦ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ | ᠡᠷᠢᠯᠬᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ | ᠣᠶᠢᠯᠠᠭᠠᠭᠤᠯᠵᠤ ᠂ ᠬᠤᠶᠠᠷ ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠶ᠎ᠠ ᠃ | ᠣᠯᠠᠨ ᠳᠤ ᠪᠠᠶᠠᠷᠯᠠᠯ᠎ᠠ ︕ |