ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠠᠶᠠᠷᠯᠠᠪᠠ ᠰᠢ ᠶᠢᠨ ᠫᠢᠩ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠠᠮᠵᠢᠯᠲᠠᠲᠠᠢ ᠲᠡᠭᠦᠰᠬᠡᠪᠡ
ᠨᠡᠶᠢᠲᠡᠯᠡᠭᠰᠡᠨ ᠴᠠᠭ᠄
2025/4/16
    ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ   4 ᠰᠠᠷ᠎ᠠ ᠶᠢᠨ 15 ᠤ ᠦᠳᠡ ᠶᠢᠨ ᠡᠮᠦᠨ᠎ᠡ ᠂ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠳᠠᠭᠤᠰᠬᠠᠬᠤ ᠭᠡᠵᠦ ᠪᠠᠶᠢᠭ᠎ᠠ ᠦᠶ᠎ᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠠᠶᠠᠷᠯᠠᠪᠠ ᠃    ᠰᠢ ᠶᠢᠨ ᠫᠢᠩ᠂ ᠡᠨᠡ ᠤᠳᠠᠭ᠎ᠠ ᠶᠢᠨ ᠠᠶᠢᠯᠴᠢᠯᠠᠯᠲᠠ ᠬᠡᠳᠦᠢ ᠪᠠᠷ ᠴᠠᠭ ᠨᠢ ᠣᠬᠤᠷ ᠪᠤᠯᠪᠠᠴᠤ ᠠᠵᠢᠯᠯᠠᠭ᠎ᠠ ᠪᠠᠶᠠᠯᠢᠭ ᠂ ᠦᠷ᠎ᠡ ᠪᠦᠲᠦᠭᠡᠯ ᠦᠯᠡᠮᠵᠢ ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠨᠡᠶᠢᠭᠡᠮ ᠵᠢᠷᠤᠮ ᠤᠨ ᠠᠵᠢᠯ ᠦᠢᠯᠡᠰ ᠢ ᠬᠠᠮᠲᠤ ᠪᠠᠷ ᠪᠤᠵᠠᠭᠠᠶᠢᠷᠠᠭᠤᠯᠬᠤ ᠤᠯᠤᠰ ᠲᠦᠷᠦ ᠶᠢᠨ ᠬᠦᠰᠡᠯ ᠰᠠᠨᠠᠭ᠎ᠠ ᠪᠠᠨ ᠳᠠᠪᠲᠠᠨ ᠴᠢᠬᠤᠯᠠᠴᠢᠯᠠᠵᠤ ᠂ ᠴᠥᠮ ︽ ᠵᠢᠷᠭᠤᠭᠠᠨ ᠨᠡᠩ ᠪᠠᠶᠢᠬᠤ ︾ ᠶᠢᠨ ᠶᠡᠷᠦᠩᠬᠡᠢ ᠬᠠᠷᠠᠯᠲᠠ ᠲᠡᠶᠢᠰᠢ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠠᠬᠢᠭᠤᠯᠬᠤ ᠶᠢ ᠬᠦᠰᠡᠨ ᠬᠦᠯᠢᠶᠡᠵᠦ ᠪᠠᠶᠢᠨ᠎ᠠ ᠂ ᠴᠥᠮ ᠭᠠᠳᠠᠭᠠᠳᠤ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠡᠰᠡᠷᠭᠦᠴᠡᠨ ᠬᠤᠷᠢᠭᠯᠠᠵᠤ ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠵᠡᠢ ᠃ ᠪᠢ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠃ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃    ᠰᠦ᠋ ᠯᠢᠨ ᠂ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠦᠯᠡᠮᠵᠢ ᠦᠷ᠎ᠡ ᠪᠦᠲᠦᠭᠡᠯ ᠣᠯᠵᠤ ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠪᠦᠭᠦ ᠲᠠᠯ᠎ᠠ ᠶᠢᠨ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠵᠤ ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ ᠂ ᠬᠤᠶᠠᠷ ᠨᠠᠮ ᠬᠤᠶᠠᠷ ᠤᠯᠤᠰ ᠤᠨ ᠬᠤᠭᠤᠷᠣᠨᠳᠣᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ ᠂ ᠸᠢᠶᠧᠲᠨᠠᠮ ᠤᠨ ᠲᠠᠯ᠎ᠠ ᠶᠢᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠢᠯᠠᠬᠤ ᠢᠲᠡᠭᠡᠯ ᠢ ᠨᠡᠮᠡᠭᠳᠡᠭᠦᠯᠦᠭᠰᠡᠨ ᠪᠥᠭᠡᠳ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠰᠢᠨ᠎ᠡ ᠥᠨᠳᠥᠷᠴᠡ ᠳᠤ ᠬᠦᠷᠭᠡᠬᠦ ᠶᠤᠮ ᠃ ᠸᠢᠶᠧᠲᠨᠠᠮ ᠤᠨ ᠲᠠᠯ᠎ᠠ ᠶᠢᠨ ᠬᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ ᠂ ᠬᠤᠶᠠᠷ ᠤᠯᠤᠰ ᠤᠨ ᠬᠠᠮᠲᠤ ᠪᠠᠷ ᠴᠡᠴᠡᠭᠯᠡᠨ ᠬᠥᠭᠵᠢᠬᠦ ᠢᠷᠡᠭᠡᠳᠦᠢ ᠶᠢ ᠴᠣᠭᠴᠠᠯᠠᠨ᠎ᠠ ᠭᠡᠵᠦ ᠢᠯᠡᠳᠬᠡᠪᠡ ᠃    ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1