ᠪᠠᠶ ᠵᠢᠶ ᠸᠧᠨ ᠲᠤᠬᠠᠶ ᠶᠢᠨ ᠭᠠᠵᠠᠷ ᠲᠤᠨᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠰᠤᠯᠠ ᠣᠷᠣᠯᠴᠠᠭᠰᠠᠳ ᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 15 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠶ ᠵᠢᠶ ᠸᠧᠨ ᠤᠳᠤᠷᠢᠳᠬᠤ ᠪᠠᠭ ᠤᠨ ᠪᠦᠷᠢᠯᠳᠦᠬᠦᠨ ᠢᠶᠠᠨ ᠳᠠᠭᠠᠭᠤᠯᠤᠨ ᠬᠠᠮᠲᠤ ᠪᠠᠷ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠡᠰᠡᠭ ᠰᠤᠯᠠ ᠣᠷᠣᠯᠴᠠᠭᠰᠠᠳ ᠢ ᠰᠤᠷᠪᠤᠯᠵᠢᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠧᠦ ᠶᠦᠩ ᠸᠧᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠴᠠᠩ ᠴᠢᠤᠸᠠᠨ ᠸᠧᠢ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠴᠧᠨ ᠸᠧᠨ ᠯᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠢ᠂ ᠯᠢᠶᠠᠩ ᠵᠢᠩ ᠵᠧᠨ᠂ ᠰᠦ᠋ ᠬᠠᠢ ᠸᠧᠨ ᠵᠢᠴᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠠᠮᠢᠶ᠎ᠠ ᠪᠦᠬᠦᠢ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃    ᠪᠠᠢ ᠵᠢᠢ ᠸᠧᠨ ᠨᠠᠷ ᠤᠷᠢᠳ ᠬᠤᠵᠢᠳ ᠰᠤᠯᠠ ᠣᠷᠣᠯᠴᠠᠬᠤ ᠬᠥᠮᠦᠰ ᠤᠨ ᠪᠠᠶᠢᠭ᠎ᠠ ᠨᠢᠭᠡᠴᠡ ᠶᠢᠨ ᠥᠪᠥᠷ ᠮᠣᠩᠭᠤᠯ ᠤᠨ ᠱᠢ ᠴᠧᠩ ᠢᠵᠢ ᠪᠦᠷᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠶᠢᠨ ᠴᠢᠦ ᠨᠠᠰᠤᠲᠠᠨ ᠢ ᠠᠰᠠᠷᠠᠬᠤ ᠬᠦᠷᠢᠶᠡᠯᠡᠩ᠂ ᠥᠪᠥᠷ ᠮᠣᠩᠭᠤᠯ ᠤᠨ ᠧᠨ ᠽᠧ ᠤᠷᠭᠤᠮᠠᠯ ᠤᠨ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠮᠧᠩ ᠵᠢᠶᠠᠨ ᠢᠨᠵᠧᠨᠧᠷᠢᠩ ᠤᠨ ᠪᠠᠶᠢᠴᠠᠭᠠᠨ ᠰᠢᠯᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠰᠤᠯᠠ ᠣᠷᠣᠯᠴᠠᠬᠤ ᠬᠥᠮᠦᠰ ᠤᠨ ᠠᠮᠢᠳᠤᠷᠠᠯ ᠪᠣᠯᠤᠨ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠣᠳᠣᠬᠢ ᠪᠠᠶᠢᠳᠠᠯ ᠪᠣᠯᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠨᠠᠷᠢᠨ ᠬᠢᠨᠠᠮᠠᠭᠠᠢ ᠣᠶᠢᠯᠠᠭᠠᠪᠠ᠃    ᠪᠠᠢ ᠵᠢᠢ ᠸᠧᠨ ᠰᠤᠯᠠ ᠣᠷᠣᠯᠴᠠᠭᠰᠠᠳ ᠵᠢᠴᠢ ᠪᠠᠶᠢᠭ᠎ᠠ ᠠᠵᠤ ᠠᠬᠤᠶᠢᠯᠠᠯ ᠤᠨ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠤᠯᠤᠰ ᠲᠦᠷᠦ ᠶᠢᠨ ᠵᠥᠪᠯᠡᠯᠭᠡᠨ ᠳᠤ ᠰᠤᠯᠠ ᠣᠷᠣᠯᠴᠠᠭᠰᠠᠳ ᠵᠠᠯᠠᠭᠤ ᠦᠢᠯᠡᠰ ᠪᠦᠲᠦᠭᠡᠭᠴᠢ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠠᠵᠤ ᠠᠬᠤᠶᠢᠯᠠᠯᠲᠠᠨ ᠤ ᠰᠢᠯᠢᠳᠡᠭ ᠶᠠᠰᠤ ᠴᠢᠨᠠᠷ ᠢ ᠪᠦᠷᠢᠯᠳᠦᠭᠦᠯᠵᠦ᠂ ᠡᠳᠦᠷ ᠲᠤᠳᠤᠮ ᠤᠨ ᠠᠵᠤ ᠠᠬᠤᠶᠢᠯᠠᠯ ᠤᠨ ᠡᠵᠡᠩᠨᠡᠯᠲᠡ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠥᠭᠵᠢᠯᠲᠡ ᠶᠢᠨ ᠳᠣᠭᠲᠠᠮᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠵᠦ᠂ ᠣᠳᠣᠬᠠᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠭᠰᠠᠨ ᠪᠥᠭᠡᠳ ᠪᠠᠰᠠ ᠠᠯᠤᠰ ᠬᠡᠳᠦ ᠶᠢ ᠪᠣᠳᠣᠯᠬᠢᠯᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ ᠂ ᠦᠢᠯᠡᠳᠬᠦᠨ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡ ᠪᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠴᠢᠩᠭᠠᠳᠬᠠᠵᠤ᠂ ︽ᠳ᠋ᠦᠩ ᠾᠧ ᠶᠢᠨ ᠰᠦᠷ ᠬᠦᠴᠦᠨ ᠢ ᠳᠠᠬᠢᠨ ᠪᠠᠳᠠᠷᠠᠭᠤᠯᠵᠤ᠂ ᠥᠩᠭᠡᠷᠡᠭᠰᠡᠨ ᠤ ᠬᠥᠭᠵᠢᠯ ᠴᠡᠴᠡᠭᠯᠡᠯ ᠢᠶᠠᠨ ᠲᠠᠬᠢᠨ ᠢᠯᠡᠷᠡᠭᠦᠯᠬᠦ︾ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠬᠡᠯᠡᠪᠡ᠃ ᠰᠤᠯᠠ ᠣᠷᠣᠯᠴᠠᠭᠰᠠᠳ ᠲᠤᠰ ᠲᠤᠰ ᠤᠨ ᠳᠠᠪᠠᠭᠤᠯᠢᠭ ᠲᠤᠰᠬᠠᠢ ᠴᠢᠳᠠᠪᠤᠷᠢ ᠵᠢᠴᠢ ᠠᠵᠤ ᠠᠬᠤᠶᠢᠯᠠᠯᠲᠠᠳ ᠤᠨ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠳ᠋ᠦᠩ ᠾᠧ ᠲᠣᠭᠤᠷᠢᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠣᠭᠤᠷᠢᠨ ᠳᠤ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠴᠢᠨᠠᠷ ᠰᠠᠶᠢᠲᠠᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠪᠢᠴᠢᠵᠦ᠂ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1