ᠳ᠋ᠦᠩ ᠾᠧ ᠲᠣᠭᠤᠷᠢᠭ ᠤᠨ ᠣᠷᠣᠰᠢᠭᠤᠯᠭ᠎ᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/4/21
    ᠣᠷᠣᠰᠢᠭᠤᠯᠭ᠎ᠠ ᠶᠢᠨ ᠬᠦᠷᠢᠶᠡᠨ ᠳᠠᠬᠢ ᠴᠡᠭᠴᠡᠯᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠡᠮᠬᠢ ᠵᠢᠷᠤᠮ ᠪᠠ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠡᠳᠦᠭᠡ ᠪᠥᠬᠦ ᠲᠣᠭᠤᠷᠢᠭ ᠲᠤ ᠬᠠᠨᠳᠤᠭᠤᠯᠤᠨ ᠣᠷᠣᠰᠢᠭᠤᠯᠭ᠎ᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠢᠯᠡ ᠪᠠᠷ ᠴᠤᠭᠯᠠᠭᠤᠯᠪᠠ᠃ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    01 ᠰᠦᠪᠡᠭᠴᠢ ᠴᠤᠭᠯᠠᠭᠤᠯᠬᠤ ᠬᠡᠪᠴᠢᠶ᠎ᠡ    ︵ᠨᠢᠭᠡ︶ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠳᠤᠮᠳᠠ ᠣᠷᠣᠰᠢᠵᠤ ᠪᠠᠶᠢᠭ᠎ᠠ ᠬᠠᠤᠯᠢ ᠪᠤᠰᠤ ᠪᠠᠷ ᠡᠵᠡᠩᠨᠡᠭᠰᠡᠨ᠂ ᠠᠯᠪᠠᠳᠠᠨ ᠠᠷᠠᠯᠵᠢᠶᠠᠯᠠᠬᠤ᠂ ᠬᠢᠬᠠᠨ ᠠᠪᠬᠤ᠂ ᠬᠡᠷᠡᠭ ᠥᠳᠥᠭᠡᠵᠦ ᠬᠡᠷᠡᠭ ᠡᠳᠦᠭᠦᠯᠬᠦ᠂ ᠬᠡᠭᠦᠷ ᠪᠤᠯᠢᠶᠠᠬᠤ᠂ ᠬᠡᠭᠦᠷ ᠬᠤᠳᠠᠯᠳᠤᠬᠤ᠂ ᠬᠤᠳᠠᠯᠳᠤᠬᠤ ᠡᠷᠬᠡᠲᠡᠨ ᠪᠤᠶᠤ ᠵᠣᠬᠢᠶᠠᠨ ᠪᠠᠶᠢᠭᠤᠯᠤᠯᠲᠠ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠃    ︵ᠬᠤᠶᠠᠷ︶ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠳᠤᠮᠳᠠ ᠣᠷᠣᠰᠢᠵᠤ ᠪᠠᠶᠢᠭ᠎ᠠ ︽ᠬᠠᠮᠠᠭᠠᠯᠠᠭᠴᠢ︾ ᠪᠠ ︽ᠬᠠᠷᠢᠴᠠᠭᠠᠨ ᠤ ᠲᠣᠤᠷ︾ ᠵᠢᠴᠢ ᠠᠯᠪᠠᠨ ᠲᠤᠰᠢᠶᠠᠯᠲᠠᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠣᠷᠣᠯᠴᠠᠵᠤ᠂ ᠳᠤᠷ᠎ᠠ ᠪᠠᠷ ᠨᠢ ᠲᠠᠯᠪᠢᠵᠤ᠂ ᠥᠮᠥᠭᠯᠡᠬᠦ ᠠᠵᠢᠯᠯᠠᠭ᠎ᠠ᠃    ︵ᠭᠤᠷᠪᠠ︶ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠳᠤᠮᠳᠠ ᠣᠷᠤᠰᠢᠵᠤ ᠪᠠᠶᠢᠭ᠎ᠠ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠵᠢᠴᠢ ᠰᠠᠮᠠᠭᠤᠨ ᠦᠵᠡᠭᠳᠡᠯ᠃    02 ᠢᠯᠡᠴᠢᠯᠡᠨ ᠮᠡᠳᠡᠭᠦᠯᠬᠦ ᠬᠡᠯᠪᠡᠷᠢ    ᠢᠯᠡᠴᠢᠯᠡᠨ ᠮᠡᠳᠡᠭᠦᠯᠬᠦ ᠤᠲᠠᠰᠤ᠄ 0472 - 4388110    ᠰᠢᠤᠳᠠᠨ ᠢᠶᠠᠷ ᠶᠠᠪᠤᠭᠤᠯᠬᠤ ᠬᠠᠶ᠋ᠢᠭ᠄ ᠳ᠋ᠦᠩ ᠾᠧ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 420 ᠲᠠᠰᠤᠯᠭ᠎ᠠ    03 ᠢᠯᠡᠴᠢᠯᠡᠨ ᠮᠡᠳᠡᠭᠦᠯᠬᠦ ᠱᠠᠭᠠᠷᠳᠠᠯᠭ᠎ᠠ    ︵ᠨᠢᠭᠡ︶ ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠶ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠵᠢᠴᠢ ᠪᠦᠲᠦᠮᠵᠢᠲᠡᠶ ᠬᠠᠷᠢᠯᠴᠠᠬᠤ ᠠᠷᠭ᠎ᠠ ᠮᠠᠶ᠋ᠢᠭ ᠢ ᠬᠠᠩᠭᠠᠵᠤ᠂ ᠰᠦᠪᠡᠭᠴᠢ ᠶᠢ ᠬᠢᠨᠠᠨ ᠪᠠᠶᠢᠴᠠᠭᠠᠬᠤ ᠵᠢᠴᠢ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠭᠤ ᠲᠤᠰᠬᠠᠬᠤ ᠳᠤ ᠳᠥᠭᠦᠮ ᠦᠵᠡᠭᠦᠯᠬᠦ ᠬᠡᠷᠡᠭᠲᠡᠶ᠃    ︵ᠬᠤᠶᠠᠷ︶ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠠᠯᠢ ᠴᠢᠳᠠᠬᠤ ᠪᠠᠷ ᠨᠠᠷᠢᠨ ᠪᠠᠶᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠵᠢᠯᠯᠠᠭ᠎ᠠ ᠡᠭᠦᠰᠦᠭᠰᠡᠨ ᠴᠠᠭ᠂ ᠭᠠᠵᠠᠷ᠂ ᠬᠥᠮᠦᠨ᠂ ᠬᠡᠷᠡᠭ ᠤᠨ ᠥᠩᠭᠡᠷᠡᠯᠲᠡ ᠵᠡᠷᠭᠡ ᠪᠣᠳᠠᠲᠠᠶ ᠮᠡᠳᠡᠭᠡ ᠵᠠᠩᠭᠢ ᠶᠢ ᠪᠠᠭᠲᠠᠭᠠᠭᠰᠠᠨ ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠠᠮᠲᠤ ᠳᠤᠨᠢ ᠬᠠᠩᠭᠠᠬᠤ ᠬᠡᠷᠡᠭᠲᠡᠶ᠃    ᠪᠥᠬᠦ ᠲᠤᠭᠤᠷᠢᠭ ᠤᠨ ᠥᠷᠭᠡᠨ ᠣᠯᠠᠨ ᠠᠷᠠᠳ ᠲᠦᠮᠡᠨ ᠣᠷᠣᠰᠢᠭᠤᠯᠭ᠎ᠠ ᠶᠢᠨ ᠬᠦᠷᠢᠶᠡᠨ ᠳᠠᠬᠢ ᠴᠡᠭᠴᠡᠯᠡᠨ ᠵᠠᠰᠠᠯᠲᠠ ᠳᠤ ᠢᠳᠡᠪᠬᠢᠲᠡᠶ ᠣᠷᠣᠯᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠰᠠᠶᠢᠨ ᠰᠠᠶᠢᠬᠠᠨ ᠡᠮᠬᠢ ᠵᠢᠷᠤᠮ ᠢ ᠬᠠᠮᠲᠤ ᠪᠠᠷ ᠬᠠᠮᠠᠭᠠᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠨᠢᠭᠤᠴᠠ ᠶᠢ ᠬᠠᠮᠠᠭᠠᠯᠠᠵᠤ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠪᠠ ᠢᠯᠡᠴᠢᠯᠡᠨ ᠮᠡᠳᠡᠭᠦᠯᠬᠦ ᠠᠭᠤᠯᠭ᠎ᠠ ᠶᠢ ᠴᠢᠩᠳᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠤᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠬᠠᠤᠯᠢ ᠶᠣᠰᠣᠭᠠᠷ ᠬᠠᠮᠠᠭᠠᠯᠠᠨ᠎ᠠ᠃ ᠢᠯᠡᠴᠢᠯᠡᠨ ᠮᠡᠳᠡᠭᠦᠯᠦᠭᠰᠡᠳ ᠤᠨ ᠨᠢᠭᠤᠴᠠ ᠶᠢ ᠴᠢᠩᠭ᠎ᠠ ᠬᠠᠮᠠᠭᠠᠯᠠᠵᠤ᠂ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠂ ᠬᠠᠷᠢᠭᠤ ᠠᠪᠴᠤ ᠢᠯᠡᠴᠢᠯᠡᠨ ᠮᠡᠳᠡᠭᠦᠯᠦᠭᠴᠢ ᠳᠤ ᠴᠣᠬᠢᠯᠲᠠ ᠥᠭᠴᠦ ᠢᠯᠡᠴᠢᠯᠡᠨ ᠮᠡᠳᠡᠭᠦᠯᠦᠭᠴᠢ ᠶᠢ ᠬᠠᠤᠯᠢ ᠶᠣᠰᠣᠭᠠᠷ ᠡᠷᠡᠰ ᠴᠢᠩᠭ᠎ᠠ ᠰᠢᠢᠳᠬᠡᠨ᠎ᠡ᠃                             ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ                                                                                                                       ᠬᠤᠲᠠ ᠶᠢᠨ ᠳ᠋ᠦ᠋ᠩ ᠾᠧ ᠲᠣᠭᠤᠷᠢᠭ ᠤᠨ ᠬᠤᠷᠢᠶ᠎ᠠ                             ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ                             2025 ᠣᠨ ᠤ 4 ᠳ᠋ᠤᠭᠡᠷ ᠰᠠᠷ᠎ᠠ ᠶᠢᠨ 15 ᠤ ᠡᠳᠦᠷ
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1