ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 15 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠᠨ ᠫᠢᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ︽ᠰᠡᠳᠬᠢᠯ ᠤᠨ ᠬᠤᠯᠪᠤᠭᠠᠰᠤ︾ ᠮᠥᠨ᠂ ᠰᠢᠭᠦᠬᠦ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠤᠨ ︽ᠬᠠᠮᠠᠭᠠᠯᠠᠭᠴᠢ︾ ᠪᠣᠯᠬᠤ ᠪᠠᠷ ᠪᠠᠷᠠᠬᠤ ᠥᠬᠡᠶ᠂ ᠨᠠᠩ ᠴᠤ ᠨᠡᠶᠢᠭᠡᠮ ᠤᠨ ᠲᠣᠭᠲᠠᠭᠤᠨ ᠪᠠᠶᠢᠳᠠᠯ ᠤᠨ ︽ᠳᠠᠷᠤᠯᠲᠠ ᠶᠢ ᠪᠠᠭᠠᠰᠬᠠᠬᠤ ᠨᠡᠭᠡᠯᠡᠬᠡᠶ︾ ᠶᠢ ᠰᠠᠶᠢᠲᠤᠷ ᠬᠢᠬᠦ ᠬᠡᠷᠡᠭᠲᠡᠶ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠳᠡᠮᠵᠢᠵᠦ᠂ ᠳ᠋ᠦᠩ ᠾᠧ ᠲᠣᠭᠤᠷᠢᠭ ᠤᠨ ᠬᠠᠤᠯᠢᠵᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠡᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠰᠢᠭᠦᠬᠦ ᠬᠤᠷᠢᠶ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠪᠠᠶᠢᠩᠭᠤᠵᠢᠭᠰᠠᠨ ᠨᠡᠪᠲᠡᠷᠡᠯᠴᠡᠬᠦ ᠠᠷᠭ᠎ᠠ ᠵᠠᠮ ᠢ ᠪᠠᠶᠢᠭᠤᠯᠵᠤ᠂ ︽ᠰᠤᠷᠪᠤᠯᠵᠢᠯᠠᠭ᠎ᠠ ᠶᠢ ᠬᠦᠯᠢᠶᠡᠨ ᠠᠪᠬᠤ - ᠲᠤᠰᠢᠶᠠᠨ ᠰᠢᠢᠳᠪᠦᠷᠢᠯᠡᠬᠦ - ᠰᠢᠢᠳᠪᠦᠷᠢᠯᠡᠬᠦ - ᠬᠠᠷᠢᠭᠤ ᠲᠤᠰᠬᠠᠬᠤ︾ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠤᠴᠢᠷ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠨᠠᠷᠢᠨ ᠲᠠᠩᠰᠠ ᠶᠢᠨ ᠬᠡᠯᠪᠡᠷᠢ ᠪᠠᠷ ᠳ᠋ᠤᠭᠠᠷ ᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠠᠰᠠᠭᠤᠳᠠᠯ ᠳᠠᠷᠤᠭᠳᠠᠵᠤ ᠰᠢᠨ᠎ᠡ ᠵᠥᠷᠢᠴᠡᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠬᠠᠤᠯᠢ ᠪᠠᠷ ᠵᠠᠰᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ︽ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠵᠤ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠬᠤ︾ ᠵᠠᠷᠴᠢᠮ ᠢ ᠴᠢᠩᠭ᠎ᠠ ᠲᠤᠤᠱᠯᠠᠭᠤᠯᠵᠤ᠂ ᠬᠡᠷᠡᠭ ᠨᠢᠭᠡᠪᠦᠷᠢ ᠶᠢ ᠴᠥᠮ ᠬᠠᠤᠯᠢ ᠴᠠᠭᠠᠵᠠ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠢ᠃ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠲᠦᠷᠢᠮ ᠤᠨ ᠠᠵᠢᠯ ᠤᠨ ᠵᠥᠪᠯᠡᠯ ᠲᠤᠰᠬᠠᠶ ᠵᠦᠢᠯ ᠤᠨ ᠮᠡᠳᠡᠭᠦᠯᠦᠯᠲᠡ᠂ ᠲᠤᠰᠬᠠᠶ ᠰᠡᠳᠦᠪᠲᠦ ᠯᠠᠪᠯᠠᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠬᠤ ᠬᠡᠷᠡᠭᠲᠡᠶ᠃ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ︽ᠬᠢᠨᠠᠯᠲᠠ ᠲᠠᠯᠪᠢᠬᠤ ᠳᠤᠮᠳᠠ ᠳᠡᠮᠵᠢᠯᠭᠡ ᠦᠵᠡᠭᠦᠯᠵᠦ᠂ ᠳᠡᠮᠵᠢᠯᠭᠡ ᠦᠵᠡᠭᠦᠯᠬᠦ ᠳᠤᠮᠳᠠ ᠬᠢᠨᠠᠯᠲᠠ ᠲᠠᠯᠪᠢᠬᠤ ᠶᠢ ᠴᠢᠩᠭᠠᠳᠬᠠᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠰᠠᠭᠤᠳᠠᠯ ᠤᠨ ᠵᠠᠩᠭᠢᠯᠠᠭ᠎ᠠ ᠶᠢ ᠵᠢᠭᠠᠵᠤ ᠭᠠᠷᠭᠠᠬᠤ ᠮᠥᠷᠲᠡᠭᠡᠨ ᠪᠠᠰᠠ ᠬᠦᠴᠢᠷ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠨᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠬᠠᠤᠯᠢ ᠲᠦᠷᠢᠮ ᠤᠨ ᠠᠵᠢᠯ ᠤᠨ ᠵᠥᠪᠯᠡᠯ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠣᠷᠣᠯᠴᠠᠭᠰᠠᠨ ᠪᠥᠭᠡᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1