ᠰᠣᠨᠣᠰᠣᠭᠰᠠᠨ ᠤᠤ︖ ᠳᠤᠮᠳᠠᠳᠤ ᠤᠯᠤᠰ ᠤᠨ ᠺᠢᠨᠤ᠋ ᠲᠧᠯᠸᠢᠰ ᠤᠨ ᠡᠷᠡᠭᠲᠡᠢ ᠲᠣᠭᠯᠠᠭᠴᠢ ᠵᠧᠩ ᠰᠢᠶᠣᠣ ᠨᠢᠩ | ᠪᠠᠭᠰᠢ ᠳ᠋ᠦᠩ ᠾᠧ ᠲᠣᠭᠤᠷᠢᠭ ᠲᠤ ᠢᠷᠡᠵᠠᠢ︕ | | ᠬᠠᠭᠤᠴᠢᠠ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠥᠬᠡ ᠰᠣᠶᠣᠯ ᠤᠨ ᠵᠡᠭᠡᠯᠢ ᠲᠤᠭᠤᠷᠢᠭ ᠲᠤ ᠪᠤᠭᠤᠲᠤ ᠶᠢᠨ | ᠣᠯᠠᠮᠵᠢᠯᠠᠯᠲᠤ ᠰᠣᠶᠣᠯ ᠤᠨ ᠱᠣᠣᠮᠠᠢ᠂ ᠬᠤᠨᠢᠨ ᠤ ᠮᠢᠬ᠎ᠠ ᠲᠠᠢ ᠬᠠᠰᠢ ᠵᠡᠷᠭᠡ ᠣᠨᠴᠠᠯᠢᠭᠲᠤ ᠠᠮᠲᠠᠲᠤ ᠢᠳᠡᠭᠡᠨ ᠢ | ᠲᠠᠨᠢᠯᠴᠠᠭᠤᠯᠤᠨ ᠠᠯᠲᠠᠨ ᠲᠡᠮᠡᠭᠡᠲᠦ ᠠᠮᠳᠠᠲᠠᠶ ᠠᠷᠢᠬᠢ ᠤᠤᠭᠤᠵᠤ ᠁ ᠣᠶᠢᠷ᠎ᠡ ᠶᠢᠨ ᠡᠳᠦᠷ ︽ᠬᠠᠷ᠎ᠠ ᠪᠦᠯᠦᠭᠲᠡᠨ ᠤ | ᠰᠢᠭᠤᠷᠭ᠎ᠠ︾ ᠸᠠᠩ ᠵᠧᠩ ᠬᠤ᠋᠂ ︽ᠵᠦ ᠶᠤᠸᠠᠨ ᠵᠠᠩ︾ ᠯᠢᠦ ᠪᠦᠸᠧ ᠸᠧᠨ ᠵᠡᠷᠭᠡ ᠳᠦᠷᠢ ᠶᠢᠨ ᠲᠣᠭᠯᠠᠭᠴᠢ ᠥᠪᠥᠷ | ᠮᠣᠩᠭᠤᠯ ᠤᠨ ᠨᠤᠲᠤᠭ ᠲᠠᠢ ᠵᠧᠩ ᠰᠢᠶᠣᠣ ᠨᠢᠩ ᠨᠤᠲᠤᠭ ᠤᠨ ᠠᠶᠠᠯᠭᠤ ᠪᠠᠷ ᠶᠠᠷᠢᠵᠤ ᠰᠣᠶᠣᠯ ᠵᠢᠭᠤᠯᠴᠢᠯᠠᠯ ᠤᠨ | ᠲᠠᠨᠢᠯᠴᠠᠭᠤᠯᠤᠭᠴᠢ ᠪᠣᠯᠵᠠᠢ᠃ | ᠵᠧᠩ ᠰᠢᠶᠣᠣ ᠨᠢᠩ ᠪᠠᠭᠰᠢ ᠶᠢ ᠲᠠᠭᠠᠨ ᠬᠠᠮᠳᠤᠪᠠᠷ ᠳ᠋ᠦᠩ ᠾᠧ ᠲᠤᠭᠤᠷᠢᠭ ᠤᠨ ᠰᠣᠶᠣᠯ ᠵᠢᠭᠤᠯᠴᠢᠯᠠᠯ ᠪᠣᠯᠣᠨ | ᠬᠤᠲᠠ ᠶᠢᠨ ᠰᠣᠶᠣᠯ ᠤᠨ ᠥᠪᠡᠷᠮᠢᠴᠡ ᠲᠠᠲᠠᠬᠤ ᠬᠦᠴᠦᠨ Let's go︕ ᠢ ᠣᠶᠢᠯᠠᠭᠠᠶ᠎ᠠ᠃ | | ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ | | | ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯ ᠬᠠᠭᠤᠴᠢᠨ | ᠪᠤᠭᠤᠲᠤ ᠶᠢᠨ ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠨᠡᠢᠲᠡᠯᠢᠭ ᠲᠥᠯᠥᠭᠡᠯᠡᠭᠴᠢ ᠪᠣᠯᠤᠨ᠎ᠠ᠂ | ᠵᠡᠭᠡᠯᠢ ᠲᠣᠭᠤᠷᠢᠭ ᠤᠨ ᠲᠡᠦᠬᠡᠨ ᠪᠠᠷᠢᠯᠭ᠎ᠠ ᠨᠢ ᠢᠯᠡᠷᠬᠡᠢ ᠱᠠᠨ ᠰᠢ ᠶᠢᠨ ᠣᠷᠣᠨ ᠰᠠᠭᠤᠴᠠ ᠶᠢᠨ ᠬᠡᠪ ᠨᠠᠮᠪᠠ ᠲᠠᠢ ᠪᠠᠶᠢᠵᠤ᠂ | ᠪᠤᠭᠤᠲᠤ ᠶᠢᠨ ᠲᠤᠰ ᠭᠠᠵᠠᠷ ᠤᠨ ᠣᠨᠴᠠᠯᠢᠭ ᠲᠠᠢ ᠤᠶᠠᠯᠳᠣᠭᠤᠯᠵᠤ᠂ ᠬᠦᠷᠢᠶᠡᠨ ᠤ ᠪᠠᠢᠷᠢᠯᠠᠭᠤᠯᠤᠯᠲᠠ ᠴᠢᠩᠭ᠎ᠠ ᠲᠦᠪᠯᠡᠭᠦᠨ | ᠪᠠᠶᠢᠵᠤ᠂ ᠭᠠᠳᠠᠨ᠎ᠠ ᠰᠦᠷᠯᠢᠭ ᠳᠣᠲᠣᠷ᠎ᠡ ᠦᠵᠡᠰᠭᠦᠯᠡᠩ ᠰᠠᠶᠢᠬᠠᠨ ᠪᠠᠶᠢᠨ᠎ᠠ᠃ | | ᠪᠤᠭᠤᠲᠤ ᠶᠢᠨ ᠠᠯᠲᠠᠨ ᠵᠡᠭᠡᠯᠢ | | ᠪᠤᠭᠤᠲᠤ ᠶᠢᠨ ᠠᠯᠲᠠᠨ ᠵᠡᠭᠡᠯᠢ ︽ᠪᠠᠷᠠᠭᠤᠨ ᠬᠤᠶᠢᠲᠤ ᠣᠷᠣᠨ ᠤ ᠠᠩᠬᠠᠳᠠᠭᠴᠢ ᠲᠡᠷᠡ ᠮᠠᠶ᠋ᠢᠭ ᠤᠨ ᠤᠯᠤᠰ ᠤᠨ | ᠤᠷᠤᠰᠬᠠᠯ ᠤᠨ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠬᠤᠳᠠᠯᠳᠤᠭᠠᠨ ᠤ ᠵᠡᠭᠡᠯᠢ︾ ᠶᠢ ᠢᠳᠡᠪᠬᠢᠲᠡᠢ | ᠪᠠᠶᠢᠭᠤᠯᠵᠤ᠂ ᠤᠨᠴᠠᠯᠢᠬᠳᠤ ᠢᠳᠡᠭᠡᠨ ᠤᠮᠳᠠᠭᠠᠨ᠂ ᠰᠣᠳᠣᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ᠂ ᠬᠠᠷᠢᠯᠴᠠᠨ | ᠬᠥᠳᠡᠯᠦᠯᠴᠡᠵᠦ ᠵᠤᠭ᠎ᠠ ᠴᠡᠩᠭᠡᠯ᠂ ᠰᠣᠶᠣᠯ ᠤᠨ ᠪᠦᠲᠦᠭᠡᠯᠴᠢ ᠣᠶᠢᠯᠠᠭᠠᠯᠲᠠ ᠶᠢ ᠨᠢᠭᠡ ᠴᠤᠬᠴᠠᠵᠢᠭᠤᠯᠤᠬᠰᠠᠨ ᠬᠠᠮ | ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠶᠢ ᠪᠠᠶᠢᠭᠤᠯᠵᠤ᠂ ᠵᠤᠭᠠᠴᠠᠭᠰᠠᠳ ᠲᠤ ᠲᠦᠮᠡᠨ ᠭᠠᠵᠠᠷ ᠤᠨ ᠴᠠᠢ ᠶᠢᠨ ᠠᠷᠠᠯᠵᠢᠶ᠎ᠠ | ᠬᠤᠳᠠᠯᠳᠤᠭᠠᠨ ᠤ ᠬᠥᠭᠵᠢᠶᠡᠨᠲᠡᠢ ᠪᠠᠶᠢᠳᠠᠯ ᠢ ᠣᠶᠢᠯᠠᠭᠠᠭᠤᠯᠪᠠ᠃ | | ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ | | | | ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ ᠪᠣᠯ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ᠂ ᠬᠠᠲᠤᠨ ᠭᠤᠤᠯ ᠤᠨ ᠬᠤᠪᠢᠷᠠᠯᠲᠠ ᠠᠴᠠ ᠦᠯᠡᠳᠡᠭᠳᠡᠭᠰᠡᠨ ᠬᠠᠭᠤᠴᠢᠨ ᠮᠦᠷ ᠮᠥᠨ᠂ ᠬᠠᠲᠤᠨ ᠭᠤᠤᠯ ᠤᠨ ᠵᠠᠮ | ᠪᠠ ᠰᠦᠩ ᠬᠠᠯᠢᠶ᠎ᠠ ᠶᠢᠨ ᠬᠤᠭᠤᠴᠠᠭ᠎ᠠ᠂ ᠦᠶᠡᠷ ᠤᠨ ᠬᠤᠭᠤᠴᠠᠭᠠᠨ ᠤ ᠤᠰᠤᠨ ᠲᠦᠪᠰᠢᠨ ᠤ ᠵᠢᠮ᠎ᠡ ᠶᠣᠰᠣᠴᠢ ᠴᠢᠨᠠᠷᠲᠠᠶ | ᠬᠤᠪᠢᠷᠠᠯᠲᠠ ᠠᠴᠠ ᠪᠣᠯᠵᠣ ᠠᠶᠠᠨᠳᠠᠭᠠᠨ ᠪᠣᠶ ᠪᠣᠯᠵᠣ᠂ ᠬᠠᠲᠤᠨ ᠭᠤᠤᠯ ᠤᠨ ᠡᠷᠭᠢ ᠳᠠᠭᠠᠤ ᠶᠢᠨ ᠠᠮᠢ ᠠᠬᠤᠶ ᠶᠢᠨ | ᠰᠢᠰᠲ᠋ᠧᠮ ᠤᠨ ᠬᠤᠷᠢᠶᠠᠩᠭᠤᠶ ᠳᠦᠷᠰᠦ ᠮᠥᠨ᠂ ᠪᠠᠰᠠ ᠴᠤ ᠨᠡᠭᠦᠳᠡᠯ ᠤᠨ ᠰᠢᠪᠠᠭᠤ ᠶᠢᠨ ᠡᠮᠦᠨᠡᠲᠦ ᠤᠮᠠᠷᠠᠲᠤ ᠶᠢᠨ | ᠨᠡᠭᠦᠳᠡᠯ ᠤᠨ ᠴᠢᠬᠤᠯᠠ ᠥᠷᠲᠡᠭᠡ ᠶᠢᠨ ᠨᠢᠭᠡ ᠮᠥᠨ᠃ | | ᠪᠤᠭᠤᠲᠤ ᠶᠢᠨ ᠤᠯᠠᠭᠠᠨ ᠵᠡᠭᠡᠯᠢ | | | | | | ᠪᠤᠭᠤᠲᠤ ᠶᠢᠨ ᠤᠯᠠᠭᠠᠨ ᠵᠡᠭᠡᠯᠢ ᠪᠣᠯ ᠸᠠᠩ ᠷᠥᠸᠧ ᠹᠧᠶ ᠶᠢᠨ ᠳᠤᠷᠠᠰᠬᠠᠯ ᠤᠨ ᠣᠷᠳᠣᠨ ᠳᠤ ᠲᠦᠰᠢᠭᠯᠡᠨ | ᠪᠠᠶᠢᠭᠤᠯᠤᠭᠰᠠᠨ ᠲᠡᠦᠬᠡ ᠰᠣᠶᠣᠯ ᠤᠨ ᠬᠤᠳᠠᠯᠳᠤᠭᠠᠨ ᠤ ᠵᠡᠭᠡᠯᠢ ᠪᠣᠯᠤᠨ᠎ᠠ᠃ ᠪᠤᠭᠤᠲᠤ ᠶᠢᠨ ᠤᠯᠠᠭᠠᠨ ᠵᠡᠭᠡᠯᠢ ᠨᠢ ︽ | ᠳᠤᠮᠳᠠᠳᠤ ᠤᠯᠤᠰ ᠤᠨ ᠤᠯᠠᠭᠠᠨ︾ ᠢᠶᠠᠷ ᠳᠣᠲᠣᠭᠠᠳᠤ ᠴᠥᠮ᠎ᠡ ᠪᠣᠯᠭᠠᠵᠤ᠂ ᠵᠡᠭᠡᠯᠢ ᠲᠣᠭᠤᠷᠢᠭ ᠢ ᠬᠥᠲᠥᠯᠦᠨ | ᠵᠢᠯᠣᠭᠤᠳᠴᠤ ᠪᠠᠶᠢᠭᠠᠳ ︽ᠠᠷᠠᠳ ᠤᠨ ᠵᠠᠩ ᠦᠢᠯᠡ ᠶᠢᠨ ᠤᠯᠠᠭᠠᠨ︾ ︽ᠠᠮᠢᠳᠤᠷᠠᠯ ᠤᠨ ᠤᠯᠠᠭᠠᠨ︾ ︽ᠠᠷᠠᠯᠵᠢᠶᠠᠨ ᠤ | ᠤᠯᠠᠭᠠᠨ︾ ︽ᠰᠣᠶᠣᠯ ᠵᠢᠭᠤᠯᠴᠢᠯᠠᠯ ᠤᠨ ᠤᠯᠠᠭᠠᠨ︾ ᠨᠡᠷᠡᠲᠦ ᠲᠡᠮᠳᠡᠭ ᠤᠨ ᠠᠭᠤᠯᠭ᠎ᠠ ᠶᠢ ᠣᠯᠠᠨ ᠲᠠᠯ᠎ᠠ ᠪᠠᠷ ᠳᠡᠯᠭᠡᠨ | ᠦᠵᠡᠭᠦᠯᠦᠨ᠎ᠡ᠃ | | ᠠᠳᠣᠭᠤᠴᠢᠨ ᠠᠶᠢᠯ ᠲᠤᠰᠬᠤᠨ | | ︽ᠠᠳᠣᠭᠤᠴᠢᠨ ᠠᠶᠢᠯ︾ ᠨᠢ ᠮᠣᠩᠭᠤᠯ ᠦᠭᠡᠨ ᠳᠤ ︽ᠠᠳᠤᠭᠤ ᠮᠠᠯᠵᠢᠬᠤ ᠭᠠᠵᠠᠷ︾ ᠪᠠᠶᠢᠵᠤ᠂ ᠲᠡᠦᠬᠡ ᠰᠣᠶᠣᠯ᠂ | ᠪᠠᠶᠢᠭᠠᠯᠢ ᠶᠢᠨ ᠦᠵᠡᠮᠵᠢ ᠪᠣᠯᠤᠨ ᠠᠷᠠᠳ ᠤᠨ ᠵᠠᠩ ᠳᠠᠳᠬᠠᠯ ᠢ ᠨᠢᠭᠡ ᠴᠣᠭᠴᠠᠵᠢᠭᠤᠯᠤᠭᠰᠠᠨ ᠦᠵᠡᠰᠬᠦᠯᠡᠩᠲᠦ ᠰᠠᠶᠢᠬᠠᠨ | ᠲᠣᠰᠬᠤᠨ ᠪᠣᠯᠤᠨ᠎ᠠ᠃ ᠠᠳᠣᠭᠤᠴᠢᠨ ᠠᠶᠢᠯ ᠲᠣᠰᠬᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠣᠶᠣᠯ ᠤᠨ | ᠰᠡᠯᠡᠭᠦᠴᠡᠯ᠂ ᠲᠣᠭᠤᠷᠢᠨ ᠦᠵᠡᠵᠦ ᠵᠤᠭ᠎ᠠ ᠴᠡᠩᠭᠡᠯ᠂ ᠠᠮᠢ ᠠᠬᠤᠢ ᠶᠢᠨ ᠪᠡᠶ᠎ᠡ ᠰᠤᠪᠢᠯᠠᠬᠤ ᠶᠢ ᠨᠢᠭᠡ ᠴᠤᠬᠴᠠᠵᠢᠭᠤᠯᠤᠬᠰᠠᠨ | ᠬᠥᠳᠡᠭᠡ ᠲᠣᠰᠬᠤᠨ ᠤ ᠤᠨᠴᠠᠯᠢᠭᠳᠤ ᠵᠤᠭᠠᠴᠠᠯ ᠤᠨ ᠦᠵᠡᠮᠵᠢ ᠶᠢᠨ ᠭᠠᠵᠠᠷ ᠢ ᠬᠦᠭᠵᠢᠭᠦᠯᠦᠨ᠎ᠡ᠃ | ᠨᠤᠲᠤᠭ ᠲᠠᠭᠠᠨ ᠢᠷᠡᠵᠦ ᠬᠠᠮᠤᠭ ᠤᠨ ᠢᠳᠡᠬᠦ ᠰᠠᠨᠠᠭ᠎ᠠ ᠲᠠᠢ ᠨᠢ ᠱᠣᠣᠮᠠᠢ᠂ ᠠᠮᠠᠨ ᠳᠤ ᠣᠷᠣᠬᠤ ᠳᠤ ᠱᠤᠤᠮᠠᠢ ᠶᠢᠨ | ᠱᠦᠯᠦ ᠨᠢ ᠰᠠᠶᠢᠬᠠᠨ᠂ ᠵᠠᠪᠠᠯ ᠢᠷᠡᠵᠦ ᠮᠠᠨ ᠤ ᠨᠣᠳᠤᠭ ᠤᠨ ᠱᠤᠤᠮᠠᠢ ᠶᠢ ᠢᠳᠡᠭᠡᠷᠡᠢ︕ ᠵᠸᠥ ᠰᠢᠶᠤᠤ ᠨᠢᠩ ᠪᠠᠭᠰᠢ ᠶᠢᠨ | ᠲᠠᠨᠢᠯᠴᠠᠭᠤᠯᠤᠭᠰᠠᠨ ᠱᠤᠤᠮᠠᠢ ᠨᠢ ᠴᠤᠬᠤᠮ ᠶᠠᠮᠠᠷ ᠪᠠᠶᠢᠬᠤ ᠶᠢ ᠪᠦᠭᠦᠳᠡᠭᠡᠷ ᠢᠶᠠᠨ ᠦᠵᠡᠶ᠎ᠡ᠃ | | ᠱᠣᠣᠮᠠᠢ | | ᠱᠣᠣᠮᠠᠢ ᠨᠢ ᠨᠢᠭᠡ ᠵᠦᠢᠯ ᠤᠨ ᠭᠤᠯᠢᠷ ᠤᠨ ᠬᠠᠯᠢᠰᠣᠨ ᠳᠤᠲᠤᠷ᠎ᠡ ᠲᠠᠲᠠᠭᠰᠠᠨ ᠮᠢᠬ᠎ᠠ ᠣᠷᠢᠶᠠᠵᠣ᠂ ᠵᠢᠩᠨᠡᠭᠦᠷ ᠢᠶᠠᠷ | ᠴᠢᠮᠬᠢᠵᠦ ᠪᠤᠯᠭᠤᠭᠰᠠᠨ ᠢᠳᠡᠭᠡᠨ᠂ ᠠᠨᠠᠷ ᠰᠢᠭ᠋ ᠲᠠᠲᠠᠭᠰᠠᠨ ᠮᠢᠬ᠎ᠠ ᠨᠢ ᠠᠷᠪᠢᠨ ᠬᠠᠯᠢᠰᠤ ᠨᠢ ᠨᠢᠮᠭᠡᠨ᠂ ᠠᠮᠲᠠ ᠨᠢ | ᠠᠩᠭᠢᠯᠤᠮ᠎ᠠ ᠰᠠᠶᠢᠬᠠᠨ᠂ ᠮᠢᠩ ᠤᠯᠤᠰ ᠤᠨ ᠰᠡᠭᠦᠯᠴᠢ᠂ ᠴᠢᠩ ᠤᠯᠤᠰ ᠤᠨ ᠡᠬᠢᠨ ᠤ ᠦᠶ᠎ᠡ ᠠᠴᠠ ᠡᠬᠢᠯᠡᠨ ᠥᠪᠥᠷ | ᠮᠣᠩᠭᠤᠯ ᠤᠨ ᠪᠠᠷᠠᠭᠤᠨ ᠭᠡᠰᠡᠭ ᠭᠠᠵᠠᠷ ᠣᠷᠣᠨ ᠠᠴᠠ ᠢᠷᠡᠯᠲᠡ ᠲᠠᠢ ᠪᠠᠶᠢᠵᠤ᠂ ᠰᠡᠭᠦᠯᠡᠷ ᠨᠢ ᠪᠡᠭᠡᠵᠢᠩ᠂ ᠲᠢᠶᠠᠨᠵᠢᠨ ᠳᠤ | ᠬᠦᠷᠴᠠᠢ᠃ | | ᠪᠦᠬᠦ ᠣᠯᠣᠰ ᠤᠨ ᠡᠯ᠎ᠡ ᠭᠠᠵᠠᠷ ᠤᠨ ᠨᠠᠶᠢᠵᠠ ᠨᠦᠬᠦᠳ ᠳ᠋ᠦᠩ ᠾᠧ ᠳᠤ ᠢᠷᠡᠵᠦ ᠠᠮᠲᠠᠲᠤ ᠱᠣᠣᠮᠠᠢ ᠶᠢ | ᠠᠮᠲᠠᠯᠠᠭᠠᠷᠠᠢ᠂ ᠶᠠᠷᠢᠶᠠᠨ ᠦᠭᠡᠢ ᠱᠤᠤᠮᠠᠢ ᠠᠴᠠ ᠭᠠᠳᠠᠨ᠎ᠠ ᠳ᠋ᠦᠩ ᠾᠧ ᠳᠤ ᠪᠠᠰᠠ ᠠᠷᠪᠢᠨ ᠰᠠᠶᠢᠬᠠᠨ ᠠᠮᠲᠠᠲᠤ ᠢᠳᠡᠭᠡᠨ | ᠪᠠᠶᠢᠨ᠎ᠠ᠃ | | ᠬᠤᠨᠢᠨ ᠮᠢᠬ᠎ᠠ ᠲᠠᠢ ᠬᠠᠰᠢ | | ᠬᠠᠭᠤᠴᠢᠨ ᠳ᠋ᠦᠩ ᠾᠧ ᠶᠢᠨ ᠤᠯᠠᠮᠵᠢᠯᠠᠯᠲᠤ ᠠᠷᠭ᠎ᠠ ᠶᠢ ᠪᠠᠷᠢᠮᠲᠠᠯᠠᠵᠤ᠂ ᠬᠠᠰᠢ ᠬᠢᠭᠡᠳ ᠬᠤᠨᠢᠨ ᠮᠢᠬ᠎ᠠ ᠶᠢ | ᠳᠣᠬᠢᠷᠠᠭᠤᠯᠵᠤ᠂ ᠬᠤᠨᠢᠨ ᠤ ᠮᠢᠬᠠᠨ ᠤ ᠰᠢᠨ᠎ᠡ ᠰᠣᠷᠭᠤᠭ ᠢ ᠬᠠᠰᠢ ᠶᠢᠨ ᠳᠣᠲᠣᠷ᠎ᠠ ᠪᠦᠷᠢᠮᠦᠰᠣᠨ ᠠᠭᠤᠰᠤᠯᠴᠠᠭᠤᠯᠵᠤ᠂ | ᠳᠦᠭᠦᠷᠡᠩ ᠮᠥᠷᠲᠡᠭᠡᠨ ᠱᠥᠯᠦ ᠲᠠᠢ᠂ ᠦᠨᠦᠷ ᠠᠮᠲᠠ ᠨᠢ ᠰᠠᠶᠢᠬᠠᠨ᠂ ᠮᠢᠬ᠎ᠠ ᠨᠤᠭᠤᠭ᠎ᠠ ᠶᠢ ᠳᠤᠬᠢᠷᠠᠭᠤᠯᠬᠤ ᠨᠢ ᠰᠢᠮ᠎ᠡ | ᠲᠡᠵᠢᠭᠡᠯ ᠨᠢ ᠤᠯᠠᠮ ᠰᠠᠶᠢᠨ ᠮᠦᠨ᠃ | | ᠵᠤᠳᠠᠩ | | ᠳ᠋ᠦᠩ ᠾᠧ ᠲᠣᠭᠤᠷᠢᠭ ᠤᠨ ᠨᠢᠭᠡᠨᠲᠡ ᠵᠠᠭᠤ ᠭᠠᠷᠤᠢ ᠵᠢᠯ ᠤᠨ ᠲᠡᠦᠬᠡ ᠲᠠᠢ ᠣᠨᠴᠠᠯᠢᠭᠲᠤ ᠰᠤᠯᠠ ᠢᠳᠡᠭᠡᠨ | ᠪᠣᠯᠤᠭᠰᠠᠨ ᠤ ᠬᠤᠪᠢ ᠳᠤ᠂ ᠪᠤᠭᠤᠲᠤ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠣᠷᠣᠵᠤ᠂ | ᠵᠠᠭᠤ ᠭᠠᠷᠤᠢ ᠵᠢᠯ ᠤᠨ ᠤᠯᠠᠮᠵᠢᠯᠠᠯ ᠪᠠ ᠡᠵᠡᠩᠨᠡᠯᠲᠡ ᠪᠠᠷ ᠳᠠᠮᠵᠢᠨ᠂ ᠵᠤᠳᠠᠩ ᠨᠢ ᠳ᠋ᠦᠩ ᠾᠧ ᠲᠣᠭᠤᠷᠢᠭ ᠤᠨ ᠠᠷᠠᠳ | ᠤᠯᠠᠨ ᠤ ᠪᠠᠭ᠋ᠠᠷᠠᠯ ᠢ ᠲᠠᠲᠠᠭᠰᠠᠨ ᠦᠨᠦᠷ ᠠᠮᠲᠠᠲᠤ ᠰᠤᠯᠠ ᠢᠳᠡᠭᠡᠨ ᠪᠣᠯᠵᠠᠢ᠃ | | ᠬᠠᠭᠤᠷᠤᠭᠰᠠᠨ ᠭᠡᠲᠡᠰᠦ | | ᠳ᠋ᠦᠩ ᠾᠧ ᠲᠣᠭᠤᠷᠢᠭ ᠤᠨ ᠦᠨᠦᠷ ᠠᠮᠲᠠᠲᠤ ᠰᠤᠯᠠ ᠢᠳᠡᠭᠡᠨ ᠤ ᠳᠤᠲᠤᠷ᠎ᠡ ᠨᠡᠷ᠎ᠡ ᠠᠯᠳᠠᠷᠰᠢᠭᠰᠠᠨ ᠠᠮᠲᠠᠲᠤ | ᠢᠳᠡᠭᠡᠨ᠂ ᠬᠠᠭᠤᠷᠤᠭᠰᠠᠨ ᠭᠡᠲᠡᠰᠦ ᠨᠢ ᠰᠢᠨ᠎ᠡ ᠰᠣᠷᠭᠤᠭ ᠦᠬᠡᠷ ᠤᠨ ᠭᠡᠳᠡᠰᠦ ︵ᠦᠬᠡᠷ ᠤᠨ ᠰᠠᠷᠬᠢᠨᠠᠭ︶ ᠪᠣᠶᠣ | ᠬᠤᠨᠢᠨ ᠤ ᠭᠡᠳᠡᠰᠦ ᠪᠠᠨ ᠤᠬᠢᠶᠠᠵᠤ ᠴᠡᠪᠡᠷᠯᠡᠭᠰᠡᠨ ᠤ ᠳᠠᠷᠠᠭ᠎ᠠ ᠵᠣᠷᠪᠤᠰᠯᠠᠨ ᠭᠡᠷᠴᠢᠵᠦ ᠴᠢᠨᠠᠵᠤ᠂ ᠮᠠᠭᠠᠵᠢ ᠶᠢᠨ ᠵᠢᠶᠠᠩ᠂ | ᠼᠤᠤ᠂ ᠯᠠᠵᠤᠤ ᠶᠢᠨ ᠲᠣᠰᠣ᠂ ᠵᠢᠶᠠᠩ ᠲᠠᠢ ᠳ᠋ᠧᠦᠹᠦ᠋᠂ ᠦᠨᠦᠷᠲᠦ ᠨᠤᠭᠤᠭ᠎ᠠ᠂ ᠰᠤᠩᠬᠢᠨ᠎ᠠ ᠵᠡᠷᠭᠡ ᠶᠢ ᠬᠤᠯᠢᠵᠤ ᠬᠢᠭᠰᠡᠨ | ᠠᠮᠲᠠ ᠣᠷᠣᠭᠤᠯᠬᠤ ᠡᠳ᠋ ᠢ ᠳᠦᠷᠢᠵᠦ᠂ ᠦᠨᠦᠷ ᠠᠮᠲᠠ ᠰᠣᠷᠭᠤᠭ ᠰᠠᠶᠢᠬᠠᠨ ᠮᠥᠨ᠃ | | ᠬᠤᠨᠢᠨ ᠤ ᠭᠡᠳᠡᠰᠦ ᠳᠣᠲᠤᠷ ᠲᠠᠢ ᠱᠥᠯᠦ | | ᠳ᠋ᠦᠩ ᠾᠧ ᠶᠢᠨ ᠣᠨᠴᠠᠯᠢᠭᠲᠤ ᠠᠮᠲᠠᠲᠤ ᠢᠳᠡᠭᠡᠨ᠂ ᠭᠤᠣᠯ ᠮᠠᠲ᠋ᠧᠷᠢᠶᠠᠯ ᠨᠢ ᠬᠤᠨᠢᠨ ᠤ ᠭᠡᠳᠡᠰᠦ᠂ ᠬᠤᠨᠢᠨ ᠤ ᠡᠯᠢᠭᠡ | ᠂ ᠬᠤᠨᠢᠨ ᠤ ᠠᠭᠤᠰᠬᠢ᠂ ᠬᠤᠨᠢᠨ ᠤ ᠭᠡᠳᠡᠰᠦ ᠵᠡᠷᠭᠡ ᠪᠣᠢ᠃ ᠬᠤᠨᠢᠨ ᠤ ᠭᠡᠳᠡᠰᠦ ᠳᠣᠲᠣᠷ ᠢᠶᠠᠨ ᠤᠰᠤᠨ ᠳᠤ ᠴᠢᠨᠠᠵᠤ | ᠪᠣᠯᠭᠤᠭᠰᠠᠨ ᠤ ᠳᠠᠷᠠᠭ᠎ᠠ ᠭᠡᠷᠴᠢᠵᠦ᠂ ᠤᠭ ᠱᠥᠯᠦᠨ ᠳᠤ ᠭᠠ ᠪᠠᠷ ᠭᠤᠣᠯ ᠪᠣᠯᠭᠠᠭᠰᠠᠨ ᠠᠮᠲᠠ ᠣᠷᠣᠭᠤᠯᠬᠤ ᠨᠤᠨᠲᠠᠭ ᠢ | ᠬᠢᠵᠦ ᠴᠠᠭᠠᠨ ᠥᠩᠭᠡ ᠲᠠᠢ ᠪᠤᠯᠭᠠᠭᠰᠠᠨ ᠤ ᠳᠠᠷᠠᠭ᠎ᠠ ᠠᠶᠠᠭᠠᠨ ᠳᠤ ᠬᠢᠵᠦ ᠠᠶᠠᠭᠠᠯᠠᠨ᠎ᠠ᠃ | | ᠲᠣᠰᠤᠨ ᠳᠤ ᠪᠤᠴᠠᠯᠭᠠᠭᠰᠠᠨ ᠰᠢᠯᠦᠭᠡᠢ ᠪᠣᠣᠪᠤ | | ︽ᠭᠤᠴᠢᠭᠠᠳ ᠭᠠᠵᠠᠷ ᠤᠨ ᠶᠤᠤᠮᠠᠢ᠂ ᠲᠦᠴᠢᠨ ᠭᠠᠵᠠᠷ ᠤᠨ ᠰᠢᠯᠦᠭᠡᠢ ᠪᠣᠣᠪᠤ᠂ ᠠᠷᠪᠠᠨ ᠭᠠᠵᠠᠷ ᠤᠨ ᠰᠠᠭᠠᠭ ᠤᠨ | ᠭᠤᠯᠢᠷ ᠨᠢ ᠦᠯᠦᠰᠴᠤ ᠨᠢᠷᠤᠭᠤ ᠬᠤᠭᠤᠯᠬᠤ︾ ᠭᠡᠵᠤ ᠬᠡᠯᠡᠳᠡᠭ᠂ ᠡᠨᠡ ᠨᠢ ᠦᠪᠦᠷ ᠮᠤᠩᠭᠤᠯ ᠤᠨ ᠪᠠᠷᠠᠭᠤᠨ ᠬᠡᠰᠡᠭ ᠤᠨ | ᠡᠩ ᠤᠨ ᠶᠠᠷᠢᠶᠠᠨ ᠤ ᠦᠭᠡ ᠲᠣᠰᠤᠨ ᠳᠤ ᠪᠤᠴᠠᠯᠭᠠᠭᠰᠠᠨ ᠰᠢᠯᠦᠭᠡᠢ ᠪᠣᠣᠪᠤ ᠨᠢ ᠥᠯ ᠳᠠᠭᠠᠬᠤ ᠴᠢᠳᠠᠪᠤᠷᠢ ᠰᠠᠶᠢᠨ ᠶᠤᠮ᠃ | ᠲᠣᠰᠤᠨ ᠳᠤ ᠪᠤᠴᠠᠯᠭᠠᠭᠰᠠᠨ ᠰᠢᠯᠦᠭᠡᠢ ᠪᠣᠣᠪᠤ ᠪᠣᠯ ᠬᠠᠭᠤᠴᠢᠨ ᠪᠤᠭᠤᠲᠤ ᠶᠢᠨ ᠤᠯᠠᠮᠵᠢᠯᠠᠯᠲᠤ ᠥᠪᠡᠷᠮᠢᠴᠡ ᠣᠨᠴᠠᠯᠢᠭ ᠲᠠᠢ | ᠪᠣᠭᠤᠷᠰᠤᠭ ᠪᠠᠶᠢᠵᠤ᠂ ᠰᠢᠷ᠎ᠠ ᠭᠤᠯᠢᠷ ᠢ ᠨᠤᠬᠤᠵᠤ᠂ ᠰᠢᠯᠦᠬᠡᠶ ᠭᠤᠯᠢᠷ ᠤᠨ ᠪᠣᠭᠤᠷᠰᠤᠭ ᠨᠢ ︽ᠰᠢᠷ᠎ᠠ᠂ ᠵᠥᠭᠡᠯᠡᠨ᠂ | ᠴᠢᠩᠭ᠎ᠠ᠂ ᠠᠩᠬᠢᠯᠤᠮ᠎ᠠ︾ ᠳᠥᠷᠪᠡᠨ ᠶᠡᠭᠡ ᠣᠨᠴᠠᠯᠢᠭ ᠲᠠᠢ ᠪᠠᠶᠢᠳᠠᠭ᠂ ᠲᠥᠷᠥᠯ ᠨᠢ ᠪᠤᠷᠴᠠᠭ᠂ ᠰᠢᠬᠢᠷ᠂ ᠨᠣᠭᠤᠭ᠎ᠠ ᠵᠡᠷᠭᠡ | ᠳᠥᠷᠪᠡᠨ ᠶᠡᠭᠡ ᠣᠨᠴᠠᠯᠢᠭ ᠲᠠᠢ ᠪᠠᠶᠢᠵᠤ᠂ ᠲᠦᠷᠦᠯ ᠵᠦᠢᠯ ᠳᠤ ᠪᠤᠷᠴᠠᠭ ᠤᠨ ᠢᠳᠡᠭᠡ᠂ ᠰᠢᠬᠢᠷ ᠤᠨ ᠢᠳᠡᠭᠡ᠂ | ᠨᠤᠭᠤᠭᠠᠨ ᠤ ᠢᠳᠡᠭᠡ ᠲᠠᠢ ᠪᠠᠶᠢᠵᠤ᠂ ᠬᠡᠦᠷᠡᠭ ᠵᠥᠭᠡᠯᠡᠨ ᠠᠮᠲᠠ ᠲᠠᠢ ᠪᠠᠶᠢᠳᠠᠭ᠃ | ᠳ᠋ᠦᠩ ᠾᠧ ᠪᠣᠯ ᠭᠤᠣᠯ ᠢᠶᠠᠷ ᠨᠡᠷᠡᠯᠡᠭᠰᠡᠨ ᠢᠷᠡᠯᠲᠠ ᠲᠠᠢ᠂ ᠦᠨᠢ ᠤᠳᠠᠭᠠᠨ ᠲᠡᠥᠬᠡ ᠲᠠᠢ | | ᠠᠳᠡᠬᠢ ᠰᠣᠶᠣᠯ ᠢᠷᠭᠡᠨᠰᠢᠯ ᠤᠨ ᠰᠠᠭᠤᠷᠢ ᠭᠦᠨ ᠵᠤᠵᠠᠭᠠᠨ | ᠠᠳᠡ ᠠᠮᠢᠳᠣᠷᠠᠬᠤ ᠳᠤ ᠲᠠᠭᠠᠯᠠᠮᠵᠢᠲᠠᠢ ᠰᠠᠢᠬᠠᠨ ᠪᠠᠶᠢᠨ᠎ᠠ᠃ | | ᠨᠢᠭᠡ ᠳᠡᠪᠦᠷ᠎ᠡ ᠬᠡᠪ ᠤᠨ ᠴᠠᠢ | ᠨᠢᠭᠡ ᠯᠠᠩ ᠱᠣᠣᠮᠠᠢ | ᠪᠠᠷᠠᠭᠤᠨᠰᠢ ᠨᠡᠭᠦᠳᠡᠯᠯᠡᠬᠦ ᠦᠯᠢᠭᠡᠷ ᠢ ᠰᠣᠨᠣᠰᠴᠣ | ᠬᠠᠮᠤᠭ ᠤᠨ ᠰᠠᠶᠢᠬᠠᠨᠨᠠᠨ ᠬᠠᠢ ᠦᠵᠡᠮᠵᠢ ᠶᠢᠨ ᠣᠷᠣᠨ ᠢᠶᠠᠷ ᠵᠤᠭᠠᠴᠠᠵᠤ | ᠨᠡᠷᠡᠲᠦ ᠵᠡᠭᠡᠯᠢ ᠭᠤᠳᠤᠮᠵᠢ ᠪᠠᠷ ᠲᠣᠭᠤᠷᠢᠬᠤ | ᠪᠠᠰᠠ ᠪᠠᠰᠠ ᠁ | | | | ᠠᠳᠡ ᠠᠯᠢᠪᠠ ᠪᠦᠬᠦᠨ ᠪᠣᠯᠤᠯᠴᠠᠭ᠎ᠠ ᠲᠠᠢ | ᠷᠣᠮᠠᠨᠲ᠋ᠢᠭ᠂ ᠬᠠᠯᠠᠭᠤᠨ ᠳᠤᠯᠠᠭᠠᠨ | ᠰᠡᠳᠬᠢᠯ ᠳᠣᠭᠳᠣᠯᠤᠮ᠎ᠠ ᠠᠮᠢᠳᠤᠷᠠᠯ ᠲᠠᠢ ᠲᠠᠭᠠᠷᠠᠯᠴᠠᠨᠠ᠃ |