ᠳ᠋ᠦᠩ ᠾᠧ ᠲᠣᠭᠤᠷᠢᠭ᠄ ︽ᠤᠯᠠᠭᠠᠨ ᠠᠨᠠᠷ︾ ᠦᠨᠳᠦᠰᠦᠨ ᠱᠠᠲᠤᠨ ᠤ ᠬᠠᠤᠯᠢᠵᠢᠯ ᠤᠨ ᠠᠮᠢᠳᠤᠷᠠᠯ ᠢ ᠬᠠᠮᠠᠭᠠᠯᠠᠪᠠ
ᠨᠡᠶᠢᠲᠡᠯᠡᠭᠰᠡᠨ ᠴᠠᠭ᠄
2025/4/22
    ᠳ᠋ᠦᠩ ᠾᠧ ᠲᠣᠭᠤᠷᠢᠭ ᠤᠨ ᠬᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠦᠢᠯᠡᠳᠦᠯᠭᠡ ᠪᠠᠷ ᠳᠠᠮᠵᠢᠭᠤᠯᠵᠤ᠂ 13 ᠵᠡᠭᠡᠯᠢ ᠭᠤᠳᠤᠮᠵᠢ ︵ᠪᠠᠯᠭᠠᠰᠤ︶ ᠳᠤ ᠤᠷᠢᠳᠠᠪᠠᠷ ︽ᠤᠯᠠᠭᠠᠨ ᠠᠨᠠᠷ︾ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠪᠡ᠃
1.jpg    
    ︽ᠣᠯᠠᠨ ᠢᠶᠠᠷ ᠢᠶᠠᠨ ᠰᠠᠶᠢᠨ ᠪᠠᠶᠢᠨ᠎ᠠ᠂ ᠲᠤᠬᠠᠶ ᠶᠢᠨ ᠬᠥᠮᠦᠨ ᠪᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠪᠦᠭᠦᠳᠡᠭᠡᠷ ᠢᠶᠠᠨ ᠬᠦᠷᠴᠦ᠂ ᠥᠨᠥᠳᠦᠷ ᠠᠵᠤ ᠠᠬᠤᠶᠢᠯᠠᠯ ᠤᠨ ᠴᠠᠯᠢᠩ ᠥᠷᠢᠲᠦᠬᠦ ᠵᠢᠭᠤᠷᠠᠯᠳᠤᠭᠠᠨ ᠢ ᠭᠤᠤᠯᠳᠠᠯᠭ᠎ᠠ ᠲᠠᠢ ᠡᠶᠡᠳᠡᠭᠦᠯᠦᠨ᠎ᠡ︾ ᠬᠡᠵᠡᠢ᠃ ᠣᠶᠢᠷ᠎ᠠ ᠳᠤ᠂ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠲᠡᠮᠦᠷ ᠵᠠᠮ ᠤᠨ ᠪᠠᠷᠠᠭᠤᠨᠳᠡᠬᠢ ᠬᠠᠤᠯᠢ ᠴᠠᠭᠠᠵᠠ ᠶᠢᠨ ᠭᠠᠵᠠᠷ ᠤᠨ ︽ᠤᠯᠠᠭᠠᠨ ᠠᠨᠠᠷ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠶᠢᠨ ᠭᠥᠯᠢᠶᠡᠨ ᠠᠪᠬᠤ ᠲᠠᠰᠤᠭ ᠲᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ᠂ ᠬᠥᠳᠡᠯᠮᠦᠷᠢᠴᠢᠳ᠂ ᠠᠯᠪᠠᠨ ᠲᠤᠰᠢᠶᠠᠯᠲᠠᠨ ᠤ ᠬᠠᠮᠲᠤ ᠪᠠᠷ ᠣᠷᠣᠯᠴᠠᠭᠰᠠᠨ ᠴᠠᠯᠢᠩ ᠥᠷᠢᠲᠦᠬᠦ ᠶᠢ ᠡᠶᠡᠳᠡᠭᠦᠯᠬᠦ ᠬᠤᠷᠠᠯ ᠨᠢ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃    ᠪᠤᠭᠤᠲᠤ ᠶᠢᠨ ᠨᠢᠭᠡᠨ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠶᠤᠸᠠᠢ ᠯᠢᠶᠠᠩ᠂ ᠺᠣᠮᠫᠠᠨᠢ ᠳᠠᠬᠢᠨ ᠵᠣᠬᠢᠶᠠᠨ ᠪᠠᠢᠭᠤᠯᠤᠭᠠᠳ ᠴᠠᠯᠢᠩ ᠬᠥᠯᠥᠰᠥ ᠶᠢ ᠨᠢ ᠥᠷᠢᠲᠦᠵᠦ᠂  ᠲᠤᠷᠰᠢᠵᠤ ᠦᠵᠡᠬᠦ ᠰᠡᠳᠭᠢᠯ ᠢᠶᠠᠷ ᠲᠡᠷᠡ ︽ᠤᠯᠠᠭᠠᠨ ᠠᠨᠠᠷ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡᠨ ᠳᠤ ᠣᠷᠣᠵᠤ ᠲᠤᠰᠠᠯᠠᠮᠵᠢ ᠭᠤᠶᠤᠪᠠ᠃ ᠡᠨᠡ ᠬᠦ ᠪᠠᠶᠢᠳᠠᠯ ᠢ ᠮᠡᠳᠡᠭᠡᠳ᠂ ︽ᠤᠯᠠᠭᠠᠨ ᠠᠨᠠᠷ︾ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠷᠳᠡᠭᠡ ᠨᠢ ᠡᠶᠡᠳᠡᠭᠦᠯᠬᠦ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠪᠡ᠃ ᠥᠷᠲᠡᠭᠡᠨ ᠳᠤ ᠰᠠᠭᠤᠭ᠎ᠠ ᠠᠯᠪᠠᠨ ᠲᠤᠰᠢᠶᠠᠯᠲᠠᠨ ᠤ ᠬᠠᠤᠯᠢᠴᠢ ᠣᠷᠠᠨ᠎ᠠ ᠶᠤᠸᠠᠢ ᠯᠢᠶᠠᠩ ᠢ ᠭᠥᠯᠢᠶᠡᠨ ᠠᠪᠴᠤ ᠵᠣᠴᠢᠯᠠᠪᠠ᠂ ᠨᠢᠭᠡ ᠲᠠᠯ᠎ᠠ ᠪᠠᠷ ᠶᠤᠸᠠᠢ ᠯᠢᠶᠠᠩ ᠤᠨ ᠴᠠᠯᠢᠩ ᠥᠷᠢᠲᠦᠭᠰᠡᠨ ᠨᠠᠷᠢᠨ ᠵᠦᠢᠯᠡᠰ ᠵᠢᠴᠢ ᠬᠥᠳᠡᠯᠮᠦᠷᠢ ᠬᠦᠴᠦᠨ ᠤ ᠭᠡᠷ᠎ᠡ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠣᠶᠢᠯᠠᠭᠠᠵᠤ᠂ ᠨᠥᠭᠦᠭᠡ ᠲᠠᠯ᠎ᠠ ᠪᠠᠷ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠲᠠᠢ ᠢᠳᠡᠪᠬᠢᠲᠡᠶ ᠪᠠᠷ ᠬᠠᠷᠢᠯᠴᠠᠵᠤ᠂ ᠬᠠᠤᠯᠢ ᠴᠠᠭᠠᠵᠠ ᠶᠢᠨ ᠲᠣᠭᠲᠠᠭᠠᠯ ᠵᠢᠴᠢ ᠠᠵᠤ ᠠᠬᠤᠶᠢᠯᠠᠯ ᠤᠨ ᠡᠭᠦᠷᠭᠡᠯᠡᠬᠦ ᠬᠠᠷᠢᠭᠤᠴᠠᠯᠭ᠎ᠠ ᠶᠢ ᠲᠥᠪ ᠴᠢᠩᠭ᠎ᠠ ᠲᠣᠳᠣᠷᠬᠠᠶᠢᠯᠠᠪᠠ᠃    ᠶᠠᠭ ᠡᠮᠦᠨᠡᠬᠢ ᠬᠤᠭᠤᠴᠠᠭᠠᠨ ᠤ ᠠᠯᠢ ᠣᠯᠠᠨ ᠠᠵᠢᠯ ᠪᠠᠶᠢᠮᠠᠨᠵᠢᠨ ᠰᠠᠶ᠋ᠢ ᠲᠤᠬᠠᠶ ᠶᠢᠨ ᠡᠳᠦᠷ ᠤᠨ ᠡᠶᠡᠳᠡᠭᠦᠯᠭᠡ ᠶᠢᠨ ᠲᠤᠬᠠᠶ ᠶᠢᠨ ᠲᠠᠯᠠᠪᠤᠷ ᠲᠠᠢ ᠪᠣᠯᠵᠠᠶ᠃ ᠶᠤᠸᠠᠢ ᠯᠢᠶᠠᠩ᠄ ︽ᠪᠢ ᠥᠨᠥᠳᠦᠷ ᠤᠨ ᠡᠶᠡᠳᠡᠭᠦᠯᠭᠡ ᠳᠤ ᠮᠠᠰᠢ ᠬᠠᠨᠤᠮᠵᠢᠲᠠᠶ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠢᠶᠠᠷ ᠳᠠᠮᠵᠢᠭᠤᠯᠤᠨ ᠢᠳᠡᠪᠬᠢᠲᠡᠶ ᠪᠠᠷ ᠣᠷᠣᠯᠴᠠᠵᠤ᠂ ᠨᠠᠮᠠᠶᠢ ᠬᠠᠪᠰᠤᠷᠤᠨ ᠺᠣᠮᠫᠠᠨᠢ ᠲᠠᠢ ᠨᠡᠪᠲᠡᠷᠡᠯᠴᠡᠨ ᠵᠣᠬᠢᠴᠠᠭᠤᠯᠵᠤ᠂ ᠺᠣᠮᠫᠠᠨᠢ ᠶᠢ ᠨᠠᠳᠠ ᠳᠤ ᠵᠦᠶ ᠵᠣᠬᠢᠰᠲᠠᠶ ᠲᠥᠯᠥᠪᠦᠷᠢ ᠥᠭᠴᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠱᠠᠭᠠᠷᠳᠠᠵᠠᠶ ︾ ᠭᠡᠵᠦ ᠬᠡᠯᠡᠪᠡ᠃
2.jpg    
    ᠠᠩᠬᠠᠳᠠᠭᠴᠢ ᠪᠦᠯᠦᠭ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ᠂ ᠲᠡᠮᠦᠷ ᠵᠠᠮ ᠤᠨ ᠪᠠᠷᠠᠭᠤᠨᠳᠡᠬᠢ ᠬᠠᠤᠯᠢ ᠴᠠᠭᠠᠵᠠ ᠶᠢᠨ ᠭᠠᠵᠠᠷ ᠤᠨ ︽ᠤᠯᠠᠭᠠᠨ ᠠᠨᠠᠷ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠡᠨᠡ ᠵᠢᠯ ᠤᠨ 2 ᠰᠠᠷ᠎ᠠ ᠳᠤ ᠫᠠᠶᠢᠰᠠ ᠡᠯᠭᠦᠭᠰᠡᠨ ᠠᠴᠠ ᠨᠠᠰᠢ᠂ ︽ᠭᠠᠵᠠᠷ ᠤᠨ ᠳᠠᠷᠤᠭ᠎ᠠ ᠠᠯᠪᠠᠨ ᠲᠤᠰᠢᠶᠠᠯᠲᠤ ᠬᠠᠤᠯᠢᠴᠢ︾ ᠶᠢᠨ ᠬᠤᠤᠰ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠨᠢᠭᠡ ︽ᠤᠯᠠᠭᠠᠨ ᠠᠨᠠᠷ︾ ᠠᠯᠪᠠᠨ ᠲᠤᠰᠢᠶᠠᠯᠲᠤ ᠬᠠᠤᠯᠢᠴᠢ ᠨᠢᠭᠡ ᠵᠡᠭᠡᠯᠢ ᠭᠤᠳᠤᠮᠵᠢ ︵ᠪᠠᠯᠭᠠᠰᠤ︶ ᠶᠢ ᠳᠠᠭᠠᠭᠠᠴᠢᠯᠠᠨ ᠬᠤᠯᠪᠣᠭᠠᠯᠠᠬᠤ ᠵᠠᠭᠪᠤᠷ ᠢ ᠠᠪᠴᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠵᠠᠬᠢᠶᠠᠯᠠᠨ ᠬᠢᠯᠭᠡᠬᠦ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ ︽ᠪᠢᠳᠡ ︿ᠭᠠᠯ ᠤᠨᠲᠠᠷᠠᠭᠠᠭᠴᠢ﹀ ᠶᠢᠨ ᠵᠢᠭᠤᠷᠠᠯᠳᠤᠭᠠᠨ ᠢ ᠠᠷᠢᠯᠭᠠᠬᠤ ᠪᠠᠷ ᠪᠠᠷᠠᠬᠤ ᠥᠬᠡᠶ᠂ ᠨᠠᠩ ᠴᠤ ︿ᠬᠠᠤᠯᠢ ᠪᠠᠷ ᠵᠠᠰᠠᠬᠤ ᠳᠠᠷᠢᠬᠤ ᠮᠠᠰᠢᠨ﹀ ᠬᠢᠬᠦ ᠬᠡᠷᠡᠭᠲᠡᠶ︾ ᠭᠡᠵᠡᠶ᠃ ᠳ᠋ᠦᠩ ᠾᠧ ᠲᠣᠭᠤᠷᠢᠭ ᠤᠨ ᠲᠡᠮᠦᠷ ᠵᠠᠮ ᠤᠨ ᠪᠠᠷᠠᠭᠤᠨᠳᠡᠬᠢ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠬᠤᠸᠠᠩ ᠰᠢᠤ ᠶᠠᠨ ᠲᠠᠨᠢᠯᠴᠠᠭᠤᠯᠬᠤ ᠳᠠᠭᠠᠨ᠂ ᠥᠷᠲᠡᠭᠡ ᠨᠢ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠬᠢᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠭ᠎ᠠ ᠶᠢᠨ ᠲᠠᠪᠴᠠᠩ ᠭᠠᠷᠭᠠᠬᠤ ᠵᠡᠷᠭᠡ ᠬᠡᠯᠪᠡᠷᠢ ᠪᠠᠷ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠪᠡ᠃ ᠣᠳᠣᠬᠠᠨ ᠳᠤ᠂ ᠨᠢᠭᠡᠨᠲᠡ 7 ᠬᠥᠮᠦᠨ ᠳᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠥᠢᠯᠡᠴᠢᠯᠡᠭᠡ ᠬᠠᠩᠭᠠᠵᠤ᠂ 1 ᠬᠡᠷᠡᠭ ᠢ ᠡᠶᠡᠳᠡᠭᠦᠯᠬᠦ ᠬᠡᠷᠡᠭ ᠲᠤ ᠣᠷᠣᠯᠴᠠᠪᠠ᠃
3.jpg  
     ︽ᠤᠯᠠᠭᠠᠨ‌ᠠᠨᠠᠷ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠨᠢ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠤᠷᠤᠭ ᠭᠡᠷ ᠪᠦᠯᠢ᠂ ᠬᠥᠳᠡᠯᠮᠦᠷᠢ ᠶᠢᠨ ᠵᠢᠭᠤᠷᠠᠯᠳᠤᠭᠠᠨ᠂ ᠭᠡᠷ ᠬᠥᠷᠥᠩᠭᠡ ᠶᠢ ᠵᠠᠯᠭᠠᠮᠵᠢᠯᠠᠬᠤ ᠵᠡᠷᠭᠡ ᠬᠠᠤᠯᠢ ᠴᠠᠭᠠᠵᠠ ᠶᠢᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠪᠡ᠃ ᠨᠠᠰᠤᠲᠠᠶᠢᠴᠤᠳ᠂ ᠵᠡᠮᠳᠡᠭᠴᠦᠳ᠂ ᠨᠠᠰᠤᠨ ᠳᠤ ᠦᠯᠦ ᠬᠦᠷᠦᠭᠰᠡᠳ ᠵᠡᠷᠭᠡ ᠣᠨᠴᠠᠭᠠᠶ ᠬᠠᠮᠲᠤᠯᠢᠭ ᠲᠤ ᠴᠢᠭᠯᠡᠭᠦᠯᠦᠨ ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠪᠠᠶᠢᠴᠠᠭᠠᠬᠤ᠂ ︽ᠭᠤᠷᠪᠠ ᠶᠢ ᠤᠷᠢᠳ ᠢᠶᠠᠷ ᠲᠣᠮᠢᠯᠠᠬᠤ ︾ ᠬᠠᠤᠯᠢ ᠴᠠᠭᠠᠵᠠ ᠶᠢᠨ ᠲᠤᠰᠠᠯᠠᠮᠵᠢ ᠶᠢᠨ ᠥᠢᠯᠡᠴᠢᠯᠡᠭᠡᠨ ᠤ ᠲᠣᠭᠲᠠᠴᠠ ᠶᠢ ᠭᠠᠷᠭᠠᠵᠤ᠂ ᠣᠨᠴᠠᠭᠠᠶ ᠬᠠᠮᠲᠤᠯᠢᠭ ᠲᠤ ᠴᠢᠨᠠᠷ ᠰᠠᠶᠢᠲᠠᠶ ᠬᠠᠤᠯᠢ ᠴᠠᠭᠠᠵᠠ ᠶᠢᠨ ᠲᠤᠰᠠᠯᠠᠮᠵᠢ ᠶᠢᠨ ᠥᠢᠯᠡᠴᠢᠯᠡᠭᠡ ᠬᠠᠩᠭᠠᠨ᠎ᠠ᠃
4.jpg   
     ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠨᠢᠭᠡ ᠵᠡᠭᠡᠯᠢ ᠨᠢᠭᠡ ᠣᠨᠴᠠᠯᠢᠭ︾ ᠤᠨ ᠵᠠᠷᠴᠢᠮ ᠶᠣᠰᠣᠭᠠᠷ᠂ ᠬᠠᠤᠯᠢ ᠴᠠᠭᠠᠵᠠ ᠶᠢᠨ ᠲᠣᠪᠴᠢᠶ᠎ᠠ ᠪᠠ ᠬᠠᠤᠯᠢ ᠴᠠᠭᠠᠵᠠ ᠶᠢᠨ ᠭᠠᠵᠠᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠯᠠᠭᠠᠨ ᠠᠨᠠᠷ︾ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠨᠢᠭᠡᠪᠦᠷᠢ ᠴᠥᠮ ᠣᠯᠠᠨ ᠲᠦᠮᠡᠨ ᠳᠤ ᠠᠳᠠᠯᠢ ᠪᠤᠰᠤ ᠭᠤᠤᠯᠳᠠᠯᠭ᠎ᠠ ᠲᠠᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ ᠲᠡᠮᠦᠷ ᠵᠠᠮ ᠤᠨ ᠪᠠᠷᠠᠭᠤᠨᠳᠠᠬᠢ ᠬᠠᠤᠯᠢ ᠴᠠᠭᠠᠵᠠ ᠶᠢᠨ ᠭᠠᠵᠠᠷ ᠨᠢ ᠬᠥᠳᠡᠯᠮᠦᠷᠢ ᠶᠢᠨ ᠵᠢᠭᠤᠷᠠᠯᠳᠤᠭᠠᠨ ᠤ ᠬᠦᠷᠢᠶᠡᠨ ᠳᠠᠬᠢ ᠬᠠᠤᠯᠢ ᠴᠠᠭᠠᠵᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶ᠎ᠠ ᠣᠷᠣᠨ ᠤ ᠬᠥᠯᠥᠰᠥᠨ ᠠᠵᠢᠯᠴᠢᠨ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠵᠡᠷᠭᠡ ᠬᠥᠮᠦᠰ ᠲᠤ ᠴᠢᠭᠯᠡᠭᠦᠯᠦᠨ ᠤᠨᠴᠠᠯᠢᠬᠳᠤ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠪᠡ᠃ ᠨᠠᠶᠢᠷᠠᠮᠳᠠᠯ ᠵᠠᠮ ᠤᠨ ᠬᠠᠤᠯᠢ ᠴᠠᠭᠠᠵᠠ ᠶᠢᠨ ᠭᠠᠵᠠᠷ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠨᠢ ᠬᠠᠷᠢᠶ᠎ᠠ ᠣᠷᠣᠨ ᠤ ᠬᠤᠳᠠᠯᠳᠤᠭᠠᠨ ᠤ ᠲᠣᠭᠤᠷᠢᠭ ᠣᠯᠠᠨ ᠪᠠᠶᠢᠬᠤ ᠣᠨᠴᠠᠯᠢᠭ ᠲᠤ ᠴᠢᠭᠯᠡᠭᠦᠯᠦᠨ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠲᠠᠯ᠎ᠠ ᠪᠠᠷ ᠬᠦᠴᠦᠯᠡᠵᠦ᠂ ᠬᠠᠷᠢᠶ᠎ᠠ ᠣᠷᠣᠨ ᠤ ᠪᠤᠭᠤᠲᠤ ᠶᠢᠨ ᠤᠯᠠᠭᠠᠨ ᠵᠡᠭᠡᠯᠢ᠂ ᠬᠤᠸᠠᠨ ᠰᠢ᠂ ᠲᠦᠩ ᠱᠦᠨ᠂ ᠳ᠋ᠠ ᠬᠤᠩ ᠮᠧᠨ ᠵᠡᠷᠭᠡ ᠬᠤᠳᠠᠯᠳᠤᠭᠠᠨ ᠤ ᠲᠣᠭᠤᠷᠢᠭ ᠤᠨ ᠳᠣᠲᠣᠷᠠᠬᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠭᠴᠢᠳ ᠲᠤ ᠥᠨᠳᠥᠷ ᠪᠦᠲᠦᠮᠵᠢᠲᠡᠶ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃
5.jpg    
    ︽ᠲᠠᠷᠠᠭᠠᠴᠢ ᠶᠢᠨ ᠠᠯᠬᠤᠮ ᠳᠤ᠂ ᠪᠢᠳᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠳᠤ ᠲᠦᠰᠢᠭᠯᠡᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠲᠡᠭᠦᠯᠳᠡᠷᠵᠢᠭᠦᠯᠵᠦ᠂ ᠨᠠᠩ ᠣᠯᠠᠨ᠂ ᠨᠠᠩ ᠰᠠᠶᠢᠨ ᠬᠠᠤᠯᠢ ᠪᠠᠷ ᠵᠠᠰᠠᠬᠤ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠬᠠᠤᠯᠢ ᠪᠠᠷᠢᠬᠤ ᠶᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠬᠠᠤᠯᠢ ᠪᠠᠷ ᠵᠠᠰᠠᠬᠤ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠤᠨ᠎ᠠ︾ ᠭᠡᠵᠦ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠱᠢ ᠷᠦᠩ ᠬᠡᠯᠡᠪᠡ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1