ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠵᠠᠷᠯᠠᠯ︕
ᠨᠡᠶᠢᠲᠡᠯᠡᠭᠰᠡᠨ ᠴᠠᠭ᠄
2025/4/22
    ᠲᠣᠭᠲᠠᠭᠠᠯ ᠠᠴᠠ ᠵᠥᠷᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠵᠠᠷᠯᠠᠯ    ᠤᠯᠤᠰ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠲᠣᠭᠲᠠᠭᠠᠯ ᠳᠤ ᠨᠡᠶᠢᠴᠡᠬᠦ ᠪᠠᠶᠢᠭᠤᠯᠤᠮᠵᠢ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠬᠠᠮᠲᠤ ᠪᠠᠷ ᠲᠣᠭᠲᠠᠭᠠᠯ ᠠᠴᠠ ᠵᠥᠷᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯᠯᠠᠭ᠎ᠠ ᠶᠢ ᠲᠤᠰᠬᠠᠶᠢᠯᠠᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    01   ᠴᠡᠭᠴᠡᠯᠡᠨ ᠵᠠᠰᠠᠬᠤ ᠴᠠᠭ ᠬᠤᠭᠤᠴᠠᠭ᠎ᠠ    2025 ᠣᠨ ᠤ 4 ᠰᠠᠷ᠎ᠠ ᠶᠢᠨ 16 ᠤ ᠡᠳᠦᠷ ᠠᠴᠠ 2025 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠃ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠩᠭᠤᠵᠢᠭᠰᠠᠨ ᠵᠠᠰᠠᠯᠲᠠ ᠶᠢᠨ ᠱᠠᠲᠤᠨ ᠳᠤ ᠣᠷᠣᠪᠠ᠃    02   ᠴᠡᠭᠴᠡᠯᠡᠨ ᠵᠠᠰᠠᠬᠤ ᠦᠨᠳᠦᠰᠦᠯᠡᠯ    ᠴᠡᠭᠴᠡᠯᠡᠨ ᠵᠠᠰᠠᠬᠤ ᠠᠵᠢᠯᠯᠠᠭ᠎ᠠ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾᠂ ︽ᠦᠨᠡᠮᠯᠡᠯ ᠥᠬᠡᠶ ᠪᠠᠷ ᠡᠵᠡᠩᠨᠡᠬᠦ ᠶᠢ ᠪᠠᠶᠢᠴᠠᠭᠠᠨ ᠰᠢᠢᠳᠪᠦᠷᠢᠯᠡᠬᠦ ᠠᠷᠭ᠎ᠠ︾᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠭᠵᠢᠯᠲᠡ ᠶᠢ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2018︺ 80 ᠳ᠋ᠤᠭᠠᠷ ᠲᠣᠭᠠᠲᠤ︶᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠪ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶᠂ ︽ᠪᠤᠭᠤᠲᠤ ᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︿ᠨᠡᠷ᠎ᠡ ᠶᠢᠨ ᠬᠠᠷ᠎ᠠ ᠳᠠᠩᠰᠠ ﹀ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠶᠢ ᠦᠨᠳᠦᠰᠦᠯᠡᠪᠡ᠃    03   ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ    ᠨᠢᠭᠡ ᠳᠤ᠂ ᠬᠦᠴᠦᠨ ᠲᠠᠢ ᠬᠤᠭᠤᠴᠠᠭᠠᠨ ᠤ ᠳᠣᠲᠣᠷ᠎ᠠ ᠪᠠᠶᠢᠭᠤᠯᠬᠤ ᠬᠢᠨᠠᠨ ᠵᠥᠪᠰᠢᠶᠡᠷᠡᠭᠰᠡᠨ ᠪᠢᠴᠢᠭ ᠪᠣᠯᠤᠨ ᠵᠣᠬᠢᠴᠠᠩᠭᠤᠶ ᠡᠵᠡᠩᠨᠡᠯᠲᠡ ᠶᠢᠨ ᠦᠨᠡᠮᠯᠡᠯ ᠪᠤᠶᠤ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠳᠠᠩᠰᠠᠯᠠᠭᠤᠯᠤᠭᠰᠠᠨ ᠦᠨᠡᠮᠯᠡᠯ ᠢ ᠬᠠᠤᠯᠢ ᠶᠣᠰᠣᠭᠠᠷ ᠣᠯᠤᠭᠠᠳᠤᠶ ᠪᠠᠶᠢᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ︵ᠬᠡᠦᠬᠡᠳ ᠪᠠᠭᠲᠠᠨ᠎ᠠ︶ ᠳᠤ ᠳᠤᠷ᠎ᠠ ᠪᠠᠷ ᠢᠶᠠᠨ ᠬᠠᠨᠳᠤᠭᠤᠯᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠥᠷᠨᠢᠭᠦᠯᠬᠦ ᠦᠨᠡᠮᠯᠡᠯ ᠦᠭᠡᠶ ᠪᠣᠯᠪᠠᠰᠤᠷᠠᠭᠤᠯᠤᠯ ᠤᠨ ᠪᠠᠶᠢᠭᠤᠯᠤᠮᠵᠢ᠃    ᠬᠤᠶᠠᠷ ᠲᠤ᠂ ᠨᠢᠭᠡᠨᠲᠡ ᠡᠵᠡᠩᠨᠡᠯᠲᠡ ᠶᠢᠨ ᠦᠨᠡᠮᠯᠡᠯ ᠣᠯᠤᠭᠰᠠᠨ ᠪᠥᠭᠡᠳ ᠡᠵᠡᠩᠨᠡᠯᠲᠡ ᠶᠢᠨ ᠬᠡᠪᠴᠢᠶᠡᠨ ᠳᠤ ︽ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠪᠠᠭᠲᠠᠭᠠᠭᠰᠠᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ︾ ᠲᠣᠳᠣᠷᠬᠠᠶ ᠲᠣᠭᠲᠠᠭᠠᠭᠰᠠᠨ ᠪᠣᠯᠪᠠᠴᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠭᠤᠭᠤᠯᠤᠨ ᠵᠥᠪᠰᠢᠶᠡᠷᠡᠭᠦᠯᠬᠦ ᠪᠢᠴᠢᠭ ᠭᠤᠶᠤᠴᠢᠯᠠᠨ ᠭᠦᠢᠴᠡᠳᠬᠡᠭᠰᠡᠨ ᠥᠬᠡᠶ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ︵ᠬᠡᠦᠬᠡᠳ ᠢ ᠪᠠᠭᠲᠠᠭᠠᠨ᠎ᠠ︶ ᠳᠤ ᠳᠤᠷ᠎ᠠ ᠪᠠᠷ ᠢᠶᠠᠨ ᠬᠠᠨᠳᠤᠭᠤᠯᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠥᠷᠨᠢᠭᠦᠯᠦᠭᠰᠡᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠥᠪᠯᠡᠯᠭᠡ ᠥᠭᠬᠦ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠤᠨ ᠰᠣᠶᠣᠯ᠂ ᠨᠠᠶᠢᠳᠠᠨ ᠬᠠᠮᠢᠶᠠᠷᠤᠭᠤᠯᠵᠦ ᠨᠠᠶᠢᠳᠠᠨ ᠬᠥᠮᠦᠵᠢᠭᠦᠯᠬᠦ ᠵᠡᠷᠭᠡ ᠺᠣᠮᠫᠠᠨᠢ ᠵᠡᠷᠭᠡ ᠶᠢ ᠳᠤᠷ᠎ᠠ ᠪᠠᠷ ᠢᠶᠠᠨ ᠲᠣᠳᠣᠷᠬᠠᠶᠢᠯᠠᠪᠠ᠃    ᠭᠤᠷᠪᠠ ᠳᠤ᠂ ᠨᠢᠭᠡᠨᠲᠡ ᠡᠵᠡᠩᠨᠡᠯᠲᠡ ᠶᠢᠨ ᠦᠨᠡᠮᠯᠡᠯ ᠣᠯᠤᠭᠰᠠᠨ ᠪᠣᠯᠪᠠᠴᠤ ᠡᠵᠡᠩᠨᠡᠯᠲᠡ ᠶᠢᠨ ᠬᠡᠪᠴᠢᠶᠡᠨ ᠳᠤ ︽ᠵᠥᠪᠰᠢᠶᠡᠷᠡᠯ ᠤᠨ ᠬᠢᠨᠠᠨ ᠵᠥᠪᠰᠢᠶᠡᠷᠡᠯ ᠳᠤ ᠬᠤᠯᠪᠣᠭᠳᠠᠬᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ︾ ᠭᠡᠵᠦ ᠲᠣᠳᠣᠷᠬᠠᠶ ᠲᠣᠭᠲᠠᠭᠠᠭᠰᠠᠨ ᠪᠣᠯᠪᠠᠴᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ︵ᠬᠡᠦᠬᠡᠳ ᠢ ᠪᠠᠭᠲᠠᠭᠠᠨ᠎ᠠ︶ ᠳᠤ ᠳᠤᠷ᠎ᠠ ᠪᠠᠷ ᠢᠶᠠᠨ ᠬᠠᠨᠳᠤᠭᠤᠯᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠥᠷᠨᠢᠭᠦᠯᠦᠭᠰᠡᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠥᠪᠯᠡᠯᠭᠡ ᠥᠭᠬᠦ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠤᠨ ᠰᠣᠶᠣᠯ᠂ ᠨᠠᠶᠢᠳᠠᠨ ᠬᠠᠮᠢᠶᠠᠷᠤᠭᠤᠯᠵᠤ ᠨᠠᠶᠢᠳᠠᠨ ᠬᠥᠮᠦᠵᠢᠭᠦᠯᠬᠦ ᠵᠡᠷᠭᠡ ᠺᠣᠮᠫᠠᠨᠢ ᠭᠡᠵᠦ ᠲᠣᠳᠣᠷᠬᠠᠶ ᠲᠣᠭᠲᠠᠭᠠᠵᠠᠶ᠃    ᠳᠥᠷᠪᠡ ᠳᠤ᠂ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠭᠰᠡᠨ ᠠᠴᠠ ᠨᠠᠰᠢ᠂ ᠤᠤᠯ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠣᠯᠭᠤᠭᠰᠠᠨ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢᠶᠠᠨ ᠠᠪᠤᠭᠰᠠᠨ ᠪᠣᠯᠪᠠᠴᠤ ᠣᠳᠣ ᠪᠣᠯᠲᠠᠯ᠎ᠠ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠬᠢᠨᠠᠨ ᠵᠥᠪᠰᠢᠶᠡᠷᠡᠭᠰᠡᠨ ᠪᠢᠴᠢᠭ ᠢᠶᠠᠨ ᠰᠣᠯᠢᠭᠰᠠᠨ ᠦᠭᠡᠶ ᠪᠠᠶᠢᠵᠤ᠂ ᠮᠥᠨ ᠬᠦ ᠬᠠᠤᠯᠢ ᠪᠤᠰᠤ ᠪᠠᠷ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠬᠢᠭᠰᠡᠨ ᠦᠨᠡᠮᠯᠡᠯ ᠦᠭᠡᠶ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠶᠢᠭᠰᠠᠭᠠᠷ᠃    ᠲᠠᠪᠤ ᠳᠤ᠂ ᠬᠤᠪᠢ ᠬᠥᠮᠦᠨ ᠪᠤᠶᠤ ᠪᠠᠶᠢᠭᠤᠯᠤᠮᠵᠢ ᠨᠢ ᠵᠤᠭᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ᠂ ᠵᠤᠨ ︵ᠡᠪᠦᠯ︶ ᠤ ᠵᠤᠰᠠᠯᠠᠩ᠂ ᠰᠡᠳᠬᠢᠬᠦᠶ ᠶᠢᠨ ᠬᠡᠪ ᠪᠣᠯᠪᠠᠰᠤᠷᠠᠯ᠂ ᠨᠠᠶᠢᠳᠠᠨ ᠬᠠᠮᠢᠶᠠᠷᠤᠭᠤᠯᠬᠤ ᠠᠩᠭᠢ᠂ ᠳᠠᠪᠲᠠᠯᠭ᠎ᠠ ᠶᠢᠨ ᠲᠠᠰᠤᠭ᠂ ᠰᠠᠶᠢᠨ ᠳᠤᠷ᠎ᠠ ᠠᠴᠠ ᠪᠠᠨ ᠲᠠᠭᠯᠠᠨ ᠮᠡᠳᠡᠭᠦᠯᠬᠦ᠂ ᠰᠤᠷᠭᠠᠭᠤᠯᠢ ᠳᠡᠪᠰᠢᠬᠦ ᠲᠥᠯᠥᠪᠵᠢᠭᠦᠯᠭᠡ᠂ ᠰᠤᠷᠭᠠᠨ ᠬᠥᠮᠦᠵᠢᠯ ᠤᠨ ᠯᠠᠪᠯᠠᠭ᠎ᠠ᠂ ᠤᠯᠤᠰ ᠤᠨ ᠰᠤᠷᠤᠯᠭ᠎ᠠ ᠶᠢᠨ ᠬᠡᠪ ᠪᠣᠯᠪᠠᠰᠤᠷᠠᠯ᠂ ᠣᠶᠤᠨᠴᠢ ᠰᠤᠷᠤᠯᠴᠠᠯᠭ᠎ᠠ ᠶᠢᠨ ᠥᠢᠯᠡᠳᠭᠦᠨ ᠢ ᠪᠣᠷᠣᠯᠠᠭᠤᠯᠬᠤ ᠵᠡᠷᠭᠡ ᠨᠡᠷ᠎ᠡ ᠪᠠᠷ ᠲᠣᠭᠲᠠᠭᠠᠯ ᠢ ᠵᠥᠷᠢᠴᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠰᠢᠨᠵᠢᠯᠡᠭᠡᠨ ᠤ ᠪᠤᠰᠤ ᠪᠣᠯᠪᠠᠰᠤᠷᠠᠭᠤᠯᠤᠯ ᠤᠨ ᠳᠤᠮᠳᠠ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠢ ᠥᠷᠨᠢᠭᠦᠯᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠥᠷᠨᠢᠭᠦᠯᠦᠨ᠎ᠡ᠃    04  ᠰᠢᠢᠳᠪᠦᠷᠢᠯᠡᠬᠦ ᠠᠷᠭ᠎ᠠ ᠬᠡᠮᠵᠢᠶ᠎ᠡ    ︵ᠨᠢᠭᠡ︶ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠳᠤᠷ᠎ᠠ ᠪᠠᠷ ᠢᠶᠠᠨ ᠡᠷᠭᠢᠯᠡᠭᠰᠡᠨ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠪᠠᠨ ᠳᠠᠷᠤᠶ ᠲᠦᠷᠭᠡᠨ ᠵᠣᠭᠰᠣᠭᠠᠵᠤ ᠂ ᠡᠭᠦᠳᠡᠨ ᠳᠡᠯᠭᠡᠭᠦᠷ ᠤᠨ ᠰᠤᠷᠭᠠᠭᠤᠯᠢ ᠡᠷᠭᠢᠯᠡᠬᠦ ᠲᠡᠮᠳᠡᠭ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠷ ᠮᠡᠳᠡᠭᠡ ᠶᠢ ᠠᠷᠢᠯᠭᠠᠵᠤ᠂ ᠬᠠᠮᠢᠶ᠎ᠠ ᠪᠥᠬᠦᠶ ᠰᠤᠷᠤᠭᠴᠢ ᠡᠯᠰᠡᠬᠦ ᠵᠠᠷ ᠮᠡᠳᠡᠭᠡ ᠪᠠ ᠲᠣᠪᠴᠢ ᠳᠦᠷᠢᠮ ᠢ ᠶᠠᠪᠤᠭᠤᠯᠬᠤ ᠪᠠᠨ ᠵᠣᠭᠰᠣᠭᠠᠬᠤ ᠶᠢᠨ ᠬᠠᠮᠲᠤ ᠰᠤᠷᠤᠭᠴᠢ ᠶᠢᠨ ᠦᠯᠡᠳᠡᠭᠰᠡᠨ ᠬᠢᠴᠢᠶᠡᠯ ᠤᠨ ᠴᠠᠭ ᠤᠨ ᠰᠤᠷᠤᠯᠭ᠎ᠠ ᠶᠢᠨ ᠰᠦᠢᠳᠬᠡᠯ ᠢ ᠪᠦᠬᠦ ᠲᠤᠭ᠎ᠠ ᠪᠠᠷ ᠪᠤᠴᠠᠭᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠡᠷᠭᠢᠯᠡᠬᠦ ᠶᠢ ᠵᠣᠭᠰᠣᠭᠠᠵᠤ᠂ ᠰᠤᠷᠤᠯᠭ᠎ᠠ ᠶᠢᠨ ᠰᠦᠢᠳᠬᠡᠯ ᠢ ᠪᠤᠴᠠᠭᠠᠬᠤ ᠶᠢᠨ ᠬᠠᠮᠲᠤ ᠬᠠᠷᠢᠶ᠎ᠠ ᠭᠠᠵᠠᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠣᠯᠪᠠᠰᠤᠷᠠᠯ ᠥᠷᠨᠢᠭᠦᠯᠬᠦ ᠥᠬᠡᠶ ᠠᠮᠠᠯᠠᠯᠲᠠ ᠶᠢᠨ ᠪᠢᠴᠢᠭ ᠢᠶᠠᠨ ᠳᠠᠭᠢᠵᠤ ᠲᠤᠰᠢᠶᠠᠭᠰᠠᠨ ᠪᠠᠶᠢᠭᠤᠯᠤᠮᠵᠢ ᠶᠢ ᠲᠤᠬᠠᠶ ᠶᠢᠨ ᠲᠠᠯᠠᠪᠤᠷ ᠲᠤ ᠪᠠᠶᠢᠴᠠᠭᠠᠬᠤ ᠪᠠᠷ ᠳᠡᠮᠵᠢᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠪᠠᠶᠢᠪᠠᠯ᠂ ᠲᠡᠭᠦᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠳᠠᠭᠢᠵᠤ ᠨᠡᠬᠡᠮᠵᠢᠯᠡᠬᠦ ᠥᠬᠡᠶ᠂ ᠭᠡᠪᠡᠴᠦ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃    ︵ᠬᠤᠶᠠᠷ︶ ᠴᠢᠩᠭ᠎ᠠ ᠰᠢᠢᠳᠬᠡᠬᠦ ᠬᠡᠷᠡᠭᠲᠡᠢ᠃ ᠲᠤᠰ ᠵᠠᠷᠯᠠᠯ ᠤᠨ ᠲᠣᠭᠲᠠᠭᠠᠯ ᠢ ᠵᠥᠷᠢᠴᠡᠨ ᠦᠷᠭᠦᠯᠵᠢᠯᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠬᠤᠪᠢ ᠬᠥᠮᠦᠨ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠡᠷᠬᠢᠯᠡᠬᠦ ᠶᠢ ᠨᠢ ᠵᠣᠭᠰᠣᠭᠠᠵᠤ᠂ ᠬᠤᠷᠢᠶᠠᠭᠰᠠᠨ ᠰᠦᠢᠳᠬᠡᠯ ᠢ ᠨᠢ ᠪᠤᠴᠠᠭᠠᠯᠭᠠᠵᠤ᠂ ᠬᠠᠤᠯᠢ ᠠᠴᠠ ᠵᠥᠷᠢᠴᠡᠵᠦ ᠣᠯᠤᠭᠰᠠᠨ ᠣᠯᠵᠠᠪᠤᠷᠢ ᠶᠢᠨ ᠬᠢᠨᠢ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠨᠡᠶᠢᠯᠡᠭᠦᠯᠦᠨ ᠰᠢᠢᠳᠬᠡᠨ᠎ᠡ᠃ ᠡᠭᠦᠨ ᠤ ᠬᠠᠮᠲᠤ᠂ ︽ᠪᠥᠬᠦ ᠤᠯᠤᠰ ᠤᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠲᠠᠩᠰᠠ ︵2024 ᠣᠨ ᠤ ᠬᠡᠪᠯᠡᠯ︶︾  ︽ᠪᠤᠭᠤᠲᠤ ᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︿ᠨᠡᠷ᠎ᠡ ᠶᠢᠨ ᠬᠠᠷ᠎ᠠ ᠳᠠᠩᠰᠠ﹀ ᠶᠢᠨ ᠬᠠᠮᠢᠶᠠᠷᠤᠯᠲᠠ ᠶᠢᠨ ᠲᠦᠷᠢᠮ︾ ᠢ ᠦᠨᠳᠦᠰᠦᠯᠡᠵᠦ᠂ ᠲᠡᠭᠦᠨ ᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︽ᠬᠠᠷ᠎ᠠ ᠲᠠᠩᠰᠠ︾ ᠳᠤ ᠣᠷᠣᠭᠤᠯᠪᠠ᠃    ︵ᠭᠤᠷᠪᠠ︶ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ᠂ ᠬᠡᠷᠡᠭ ᠥᠳᠥᠭᠡᠨ ᠬᠡᠷᠡᠭ ᠡᠳᠦᠬᠦ᠂ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠬᠤ ᠶᠠᠪᠤᠴᠠ ᠳᠤ ᠪᠤᠰᠤᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃    ︵ᠲᠦᠷᠪᠡ︶ ᠥᠭᠡᠷ᠎ᠡ ᠬᠡᠯᠪᠡᠷᠢ ᠪᠠᠷ ᠪᠣᠯᠪᠠᠰᠤᠷᠠᠭᠤᠯᠤᠨ ᠰᠢᠢᠳᠪᠦᠷᠢᠯᠡᠨ᠎ᠡ᠃ ᠪᠠᠶᠢᠭᠠᠯᠢ ᠬᠥᠮᠥᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠬᠤᠪᠢᠷᠠᠭᠤᠯᠤᠨ ᠬᠢᠴᠢᠶᠡᠯ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠥᠷᠨᠢᠭᠦᠯᠦᠨ᠎ᠡ᠂ ᠭᠡᠪᠡᠴᠦ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠳᠤᠷ᠎ᠠ ᠪᠠᠷ ᠢᠶᠠᠨ ᠡᠷᠬᠢᠯᠡᠬᠦ︾ ᠲᠣᠮᠢᠶᠠᠯᠠᠯ ᠳᠤ ᠨᠡᠶᠢᠴᠡᠬᠦ ᠦᠭᠡᠢ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠵᠠᠷᠯᠢᠭᠳᠠᠵᠤ ᠪᠠᠶᠢᠭᠠᠳ ᠵᠠᠯᠠᠷᠠᠭᠤᠯᠤᠨ᠂ ᠬᠤᠷᠢᠶᠠᠭᠰᠠᠨ ᠵᠠᠷᠤᠳᠠᠯ ᠢ ᠨᠢ ᠪᠤᠴᠠᠭᠠᠯᠭᠠᠬᠤ ᠶᠢᠨ ᠬᠠᠮᠲᠤ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠰᠡᠷᠡᠮᠵᠢᠯᠡᠭᠦᠯᠵᠦ᠂ ᠨᠡᠪᠲᠡᠷᠡᠭᠦᠯᠦᠨ ᠰᠢᠭᠦᠮᠵᠢᠯᠡᠬᠦ ᠪᠤᠶᠤ ᠵᠣᠭᠤᠰ ᠢᠶᠠᠷ ᠲᠣᠷᠭᠠᠨ᠎ᠠ᠃ ᠡᠭᠦᠨ ᠤ ᠬᠠᠮᠲᠤ᠂ ᠬᠢᠴᠢᠶᠡᠯ ᠲᠥᠷᠥᠯ ᠤᠨ ᠪᠣᠯᠪᠠᠰᠤᠷᠠᠯ ᠢ ᠬᠡᠯᠪᠡᠷᠢ ᠶᠢ ᠨᠢ ᠥᠭᠡᠷᠡᠲᠦᠭᠦᠯᠦᠨ ᠥᠷᠨᠢᠭᠦᠯᠬᠦ ᠶᠠᠪᠤᠴᠠ ᠳᠤ ᠪᠤᠰᠤᠳ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠣᠷᠣᠰᠢᠵᠤ ᠪᠠᠶᠢᠪᠠᠯ᠂ ᠪᠠᠰᠠ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠴᠢᠩᠭ᠎ᠠ ᠪᠠᠶᠢᠴᠠᠭᠠᠨ ᠰᠢᠢᠳᠪᠦᠷᠢᠯᠡᠭᠦᠯᠦᠨ᠎ᠡ᠃    05  ᠢᠯᠡᠴᠢᠯᠡᠨ ᠮᠡᠳᠡᠭᠦᠯᠬᠦ ᠬᠡᠯᠪᠡᠷᠢ    ᠥᠷᠭᠡᠨ ᠣᠯᠠᠨ ᠬᠤᠲᠠ ᠶᠢᠨ ᠠᠷᠠᠳ ᠤᠨ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤᠪᠠᠷ ᠬᠠᠮᠠᠭᠠᠯᠠᠬᠤ ᠬᠡᠷᠡᠭᠲᠡᠢ᠃ ᠥᠷᠭᠡᠨ ᠣᠯᠠᠨ ᠬᠤᠲᠠ ᠶᠢᠨ ᠠᠷᠠᠳ ᠬᠡᠷ ᠪᠠᠶᠢᠰᠢᠩ ᠢᠶᠠᠨ ᠦᠨᠡᠮᠯᠡᠯ ᠥᠬᠡᠶ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠷᠢᠶᠡᠰᠦᠯᠡᠭᠦᠯᠵᠦ ᠪᠣᠯᠬᠤ ᠥᠬᠡᠶ᠂ ᠠᠵᠤ ᠠᠬᠤᠶ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠤ ᠬᠡᠷᠡᠭᠲᠡᠢ᠃ ᠥᠷᠭᠡᠨ ᠣᠯᠠᠨ ᠬᠡᠷ ᠤᠨ ᠠᠬᠠᠮᠠᠳ ᠤᠬᠠᠮᠰᠠᠷ ᠠᠴᠠ ᠪᠠᠨ ᠬᠢᠷᠢ ᠬᠡᠮ ᠪᠦᠷᠢᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠬᠤᠷᠢᠭᠯᠠᠵᠤ᠂ ᠦᠨᠡᠮᠯᠡᠯ ᠨᠢ ᠪᠦᠷᠢᠨ ᠭᠦᠢᠴᠡᠳ ᠪᠥᠭᠡᠳ ᠦᠨᠡᠨᠴᠢ ᠢᠲᠡᠭᠡᠮᠵᠢ ᠶᠢᠨ ᠵᠡᠷᠭᠡ ᠳᠡᠰ ᠨᠢ ᠰᠢᠯᠢᠳᠡᠭ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠣᠯᠭᠤᠮᠵᠢᠲᠠᠶ ᠰᠣᠩᠭᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠴᠢᠬᠤᠯᠠ ᠪᠤᠰᠤ ᠠᠮᠤᠷ ᠲᠦᠪᠰᠢᠨ ᠪᠠ ᠰᠥᠢᠳᠭᠡᠯ ᠪᠤᠴᠠᠭᠠᠬᠤ ᠵᠢᠭᠤᠷᠠᠯᠳᠤᠭᠠᠨ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃    ᠲᠠᠨ ᠤ ᠣᠶᠢᠯᠠᠭᠠᠵᠤ ᠳᠡᠮᠵᠢᠭᠰᠡᠨ ᠳᠤ ᠲᠠᠯᠠᠷᠬᠠᠵᠤ ᠪᠠᠶᠢᠬᠤ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠢᠨ ᠴᠤ ᠬᠢᠨᠠᠯᠲᠠ ᠲᠠᠯᠪᠢᠭᠠᠷᠠᠢ᠃       ᠲᠣᠭᠲᠠᠭᠠᠯ ᠠᠴᠠ ᠵᠥᠷᠢᠴᠡᠭᠰᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠢ ᠢᠯᠡᠴᠢᠯᠡᠨ ᠮᠡᠳᠡᠭᠦᠯᠬᠦ ᠤᠲᠠᠰᠤ᠄    ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠄ 0472 - 5186036 ᠢᠮᠧᠯ᠄ xwjypxjg@126.com    ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0472 - 6166075    ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0472 - 3106114    ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0472 - 5225118    ᠵᠢᠥ ᠶᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0472 - 7157759    ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0472 - 8728267    ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ 0472 - 8515586    ᠲᠦᠮᠡᠳ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︵ᠪᠡᠶ᠎ᠡ ᠶᠢᠨ ᠲᠠᠮᠢᠷ ᠤᠨ ᠲᠣᠪᠴᠢᠶ᠎ᠠ︶᠄ 0472 - 8880618    ᠭᠦᠶᠡᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠄ 0472 - 8120106    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠄ 0472 - 8426240    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠰᠤᠷᠭᠠᠨ ᠬᠥᠮᠦᠵᠢᠯ︶᠄ 0472 - 5311013        ᠲᠣᠭᠲᠠᠭᠠᠯ ᠠᠴᠠ ᠵᠥᠷᠢᠴᠡᠭᠰᠡᠨ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠭᠤᠯᠤᠯ ᠢ ᠢᠯᠡᠴᠢᠯᠡᠨ ᠮᠡᠳᠡᠭᠦᠯᠬᠦ ᠤᠲᠠᠰᠤ᠄    ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 5618492 ︵ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ︶    ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 5317318 ︵ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ︶    ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠄ 0472 - 5618859 ︵ᠪᠡᠶ᠎ᠡ ᠶᠢᠨ ᠲᠠᠮᠢᠷ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ︶    ᠳ᠋ᠦᠩ ᠾᠧ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 2625909    ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 4119192        ᠴᠢᠩᠱᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 3616920    ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 3616924        ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 2837227    ᠬᠥᠨᠳᠡᠯᠡᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 2837069       ᠵᠢᠥ ᠶᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 693027    ᠵᠢᠥ ᠶᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 6140966        ᠰᠢᠭᠤᠶᠢᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 13664840505᠂ 13848239166    ᠰᠢᠭᠤᠶᠢᠲᠤ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠪᠠ ᠷᠠᠳᠢᠣ᠋ ᠲᠧᠯᠸᠢᠰ ᠤᠨ ᠲᠣᠪᠴᠢᠶ᠎ᠠ ᠄ 0472 - 8728106        ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 8023112    ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 6131688        ᠲᠦᠮᠡᠳ ᠪᠠᠷᠠᠭᠤᠨ ᠬᠤᠰᠢᠭᠤᠨ ᠤ ᠪᠡᠶ᠎ᠡ ᠶᠢᠨ ᠲᠠᠮᠢᠷ ᠤᠨ ᠲᠣᠪᠴᠢᠶ᠎ᠠ᠄ 0472 - 8880618᠂ 0472 - 8881502    ᠲᠦᠮᠡᠳ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 15335514554    ᠲᠦᠮᠡᠳ ᠪᠠᠷᠠᠭᠤᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ 0472 - 8912344       ᠭᠦᠶᠡᠩ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 8120168    ᠭᠦᠶᠡᠩ ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 8112195       ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ 0472 - 8421596    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ 0472 - 6211199        ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠰᠣᠶᠣᠯ ᠵᠢᠭᠤᠯᠴᠢᠯᠠᠯ︶᠄ 0472 - 5313950    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠪᠡᠶ᠎ᠡ ᠶᠢᠨ ᠲᠠᠮᠢᠷ︶᠄ 0472 - 5317953
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1