ᠪᠤᠭᠤᠲᠤ ᠶᠢᠨ ᠠᠷᠠᠳ ᠤᠨ ᠶᠠᠪᠤᠵᠤ ᠰᠠᠭᠤᠬᠤ ᠳᠤ ᠬᠤᠯᠪᠣᠭᠳᠠᠵᠤ ᠪᠠᠶᠢᠨ᠎ᠠ︕ ᠡᠨᠡ ᠥᠨᠳᠥᠷ ᠬᠤᠷᠳᠤᠴᠠᠲᠤ ᠲᠡᠮᠦᠷ ᠵᠠᠮ ᠰᠢᠨ᠎ᠡ ᠠᠬᠢᠯᠲᠠ ᠲᠠᠢ
ᠨᠡᠶᠢᠲᠡᠯᠡᠭᠰᠡᠨ ᠴᠠᠭ᠄
2025/4/22
    ᠰᠠᠶᠢᠨ ᠴᠢᠮᠡᠭᠡ︕    ᠪᠤᠭᠤᠲᠤ ᠠᠴᠠ ᠣᠷᠳᠣᠰ ᠲᠡᠮᠡᠭᠡᠲᠦ ᠶᠢᠨ ᠥᠨᠳᠥᠷ ᠬᠤᠷᠳᠤᠴᠠᠲᠤ ᠲᠡᠮᠦᠷ ᠵᠠᠮ ᠪᠣᠳᠠᠲᠠᠢ ᠠᠬᠢᠭᠤᠯᠬᠤ ᠱᠠᠲᠤᠨ ᠳᠤ ᠣᠷᠣᠪᠠ    ᠪᠤᠭᠤᠲᠤ ᠠᠴᠠ ᠣᠷᠳᠣᠰ ᠲᠡᠮᠡᠭᠡᠲᠦ ᠬᠦᠷᠬᠦ ᠳᠤ ᠨᠡᠩ ᠢᠯᠡᠭᠦᠦ ᠴᠠᠭ ᠠᠷᠪᠢᠯᠠᠵᠠᠢ    4 ᠳ᠋ᠦ᠋ᠭᠡᠷ ᠰᠠᠷ᠎ᠠ ᠶᠢᠨ 14 ᠠᠴᠠ 15 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠦᠷᠦᠭᠦᠯᠡᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠪᠤᠭᠤᠲᠤ ᠣᠷᠳᠣᠰ ᠲᠡᠮᠡᠭᠡᠲᠦ ᠶᠢᠨ ᠥᠨᠳᠥᠷ ᠬᠤᠷᠳᠤᠴᠠᠲᠤ ᠲᠡᠮᠦᠷ ᠵᠠᠮ ᠤᠨ ᠪᠤᠭᠤᠳᠤ ᠳᠠᠬᠢ ᠬᠡᠰᠡᠭ ᠲᠤ ᠲᠤᠬᠠᠶ ᠶᠢᠨ ᠭᠠᠵᠠᠷ ᠲᠤᠨᠢ ᠬᠠᠶᠢᠨ ᠰᠢᠨᠵᠢᠯᠡᠯᠲᠡ ᠬᠢᠵᠡᠶ᠂ ᠡᠨᠡ ᠨᠢ ᠪᠤᠭᠤᠲᠤ ᠣᠷᠳᠣᠰ ᠲᠡᠮᠡᠭᠡᠲᠦ ᠶᠢᠨ ᠥᠨᠳᠥᠷ ᠬᠤᠷᠳᠤᠴᠠᠲᠤ ᠲᠡᠮᠦᠷ ᠵᠠᠮ ᠮᠥᠨ ᠴᠢᠨᠠᠷ ᠤᠨ ᠠᠬᠢᠭᠤᠯᠬᠤ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃     ᠣᠶᠢᠯᠠᠭᠠᠭᠰᠠᠨ ᠢᠶᠠᠷ᠂ ᠪᠤᠭᠤᠲᠤ ᠣᠷᠳᠣᠰ ᠲᠡᠮᠡᠭᠡᠲᠦ ᠶᠢᠨ ᠥᠨᠳᠥᠷ ᠬᠤᠷᠳᠤᠴᠠᠲᠤ ᠲᠡᠮᠦᠷ ᠵᠠᠮ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠡᠮᠦᠨ᠎ᠡ ᠬᠡᠰᠡᠭ ᠪᠠ ᠱᠠᠨᠰᠢ ᠮᠤᠵᠢ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠵᠠᠮ ᠱᠤᠭᠤᠮ ᠨᠢ ᠪᠤᠭᠤᠲᠤ ᠶᠢᠨ ᠵᠡᠭᠦᠨ ᠥᠷᠲᠡᠭᠡ ᠠᠴᠠ ᠡᠬᠢᠯᠡᠵᠦ᠂ ᠡᠮᠦᠨᠡᠰᠢ ᠪᠠᠨ ᠣᠷᠳᠣᠰ᠂ ᠲᠡᠮᠡᠭᠡᠲᠦ ᠳᠤ ᠬᠦᠷᠴᠦ᠂ ᠪᠦᠬᠦ ᠣᠷᠳᠣ ᠨᠢ 277 ᠺᠢᠯᠤᠮᠧᠲᠷ ᠪᠠᠶᠢᠵᠤ᠂ ᠡᠭᠦᠨ ᠳᠤ ᠥᠪᠥᠷ ᠮᠣᠩᠭᠤᠯ ᠤᠨ ᠬᠡᠰᠡᠭ 180.3 ᠺᠢᠯᠤᠮᠧᠲᠷ ᠪᠠᠶᠢᠨ᠎ᠠ᠃     ᠪᠤᠭᠤᠲᠤ ᠣᠷᠳᠣᠰ ᠲᠡᠮᠡᠭᠡᠲᠦ ᠶᠢᠨ ᠥᠨᠳᠥᠷ ᠬᠤᠷᠳᠤᠴᠠᠲᠤ ᠲᠡᠮᠦᠷ ᠵᠠᠮ ᠪᠣᠯ ᠤᠯᠤᠰ ᠤᠨ ᠳᠤᠮᠳᠠ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠤᠷ ᠤᠨ ᠲᠥᠯᠥᠪᠵᠢᠭᠦᠯᠭᠡ ᠶᠢᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠥᠨᠳᠥᠷ ᠬᠤᠷᠳᠤᠴᠠᠲᠤ ᠲᠡᠮᠦᠷ ᠵᠠᠮ ᠤᠨ ᠭᠤᠤᠯ ᠵᠠᠮ ᠤᠨ ᠪᠤᠭᠤᠲᠤ ︵ᠲᠡᠮᠡᠭᠡᠲᠦ︶ ᠬᠠᠶᠢᠨᠠᠨ ᠤ ᠵᠠᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠲᠡᠭᠦᠨ ᠤ ᠪᠥᠲᠥᠭᠡᠨ ᠪᠠᠶᠢᠭᠤᠯᠤᠯᠲᠠ ᠨᠢ ᠣᠷᠣᠨ ᠪᠦᠰᠡ ᠶᠢᠨ ᠳᠣᠲᠣᠷᠠᠬᠢ ᠥᠨᠳᠥᠷ ᠬᠤᠷᠳᠤᠴᠠᠲᠤ ᠲᠡᠮᠦᠷ ᠵᠠᠮ ᠤᠨ ᠲᠣᠤᠷ ᠤᠨ ᠬᠤᠭᠤᠰᠣᠨ ᠢ ᠨᠥᠬᠦᠪᠥᠷᠢᠯᠡᠵᠦ᠂ ᠪᠤᠭᠤᠲᠤ ᠠᠴᠠ ᠰᠢ ᠠᠨ ᠬᠠᠶᠢᠨᠠᠨ ᠬᠥᠷᠬᠦ ᠥᠨᠳᠥᠷ ᠬᠤᠷᠳᠤᠴᠠᠲᠤ ᠲᠡᠮᠦᠷ ᠵᠠᠮ ᠤᠨ ᠨᠡᠪᠲᠡᠷᠡᠬᠦ ᠵᠠᠮ ᠢ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ ᠬᠥᠬᠡᠬᠤᠲᠠ ᠪᠤᠭᠤᠲᠤ ᠣᠷᠳᠣᠰ ᠤᠨ 1 ᠴᠠᠭ ᠤᠨ ᠠᠵᠢᠯ ᠳᠤ ᠭᠠᠷᠬᠤ ᠲᠣᠭᠤᠷᠢᠭ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠣᠷᠳᠣᠰ ᠠᠴᠠ ᠪᠤᠭᠤᠲᠤ ᠬᠥᠷᠬᠦ ᠬᠠᠭᠠᠰ ᠴᠠᠭ ᠤᠨ ᠳᠣᠲᠣᠷ᠎ᠠ ᠨᠡᠪᠲᠡᠷᠡᠭᠦᠯᠬᠦ ᠶᠢ ᠪᠡᠶᠡᠯᠡᠭᠦᠯᠵᠦ᠂ ᠬᠥᠬᠡᠬᠤᠲᠠ ᠪᠤᠭᠤᠲᠤ - ᠪᠤᠭᠤᠲᠤ ᠬᠥᠷᠬᠦ ᠥᠨᠳᠥᠷ ᠬᠤᠷᠳᠤᠴᠠᠲᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠬᠠᠮᠤᠭ ᠡᠴᠦᠰ ᠲᠤ ᠣᠷᠳᠣᠰ ᠠᠴᠠ ᠬᠥᠬᠡᠬᠤᠲᠠ ᠬᠦᠷᠬᠦ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠨᠠᠩ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠠᠮᠵᠢᠯᠴᠠᠨ ᠬᠥᠭᠵᠢᠬᠦ ᠶᠢ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1