ᠰᠢ ᠶᠢᠨ ᠫᠢᠩ ᠸᠢᠶᠧᠲᠨᠠᠮ ᠤᠨ ᠵᠠᠭᠤᠴᠢᠯᠠᠭᠤᠷ ᠲᠤ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ — ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2025/4/27
    ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ  4 ᠰᠠᠷ᠎ᠠ ᠶᠢᠨ 14 ᠤ ᠡᠳᠦᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠸᠢᠶᠧᠲᠨᠠᠮ ᠤᠨ ︽ᠠᠷᠠᠳ ᠤᠨ ᠰᠣᠨᠢᠨ ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ ᠄       ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ       ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ       ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ       ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ    ᠬᠠᠪᠤᠷ ᠤᠨ ᠰᠡᠭᠦᠯᠴᠢ ᠪᠣᠯᠵᠤ ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠨᠥᠬᠦᠷ ᠪᠣᠯᠣᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠠᠶᠢᠨ᠎ᠠ ᠃ ᠡᠨᠡ ᠪᠣᠯ ᠮᠢᠨᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ ᠡᠨᠡ ᠬᠦ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠬᠤ ᠶᠠᠪᠤᠳᠠᠯ ᠪᠣᠯᠣᠨ᠎ᠠ ᠃ ᠪᠢ ᠸᠢᠶᠧᠲᠨᠠᠮ ᠤᠨ ᠤᠳᠤᠷᠢᠳᠬᠤ ᠬᠥᠮᠥᠰ ᠲᠠᠢ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ ᠃    ᠳᠤᠮᠳᠠᠳᠤ ᠤᠯᠤᠰ ᠪᠣᠯᠣᠨ ᠸᠢᠶᠧᠲᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ ᠂ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ ᠶᠤᠮ ᠃ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢ ᠰᠦᠪᠡᠭᠴᠢᠯᠡᠬᠦ ᠪᠠ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ ᠬᠤᠶᠠᠷ ᠤᠯᠤᠰ ᠤᠨ ᠠᠷᠠᠳ ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠪᠠᠶᠢᠵᠤ ᠂ ᠲᠡᠦᠬᠡ ᠶᠢᠨ ᠰᠣᠩᠭᠤᠯᠲᠠ ᠂ ᠠᠷᠠᠳ ᠲᠦᠮᠡᠨ ᠤ ᠰᠣᠩᠭᠤᠯᠲᠠ ᠪᠣᠯᠣᠨ᠎ᠠ ᠃    ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠪᠠ ᠃ ᠬᠤᠶᠠᠷ ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ ᠭᠦᠷᠦᠨ ᠢᠶᠠᠨ ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ ᠂ ᠳᠡᠯᠡᠬᠡᠢ ᠳ᠋ᠠᠬᠢᠨ ᠤ ᠺᠣᠯᠣᠨᠢᠴᠢᠯᠠᠬᠤ ᠦᠵᠡᠯ ᠂ ᠡᠵᠡᠷᠬᠡᠭ ᠲᠦᠷᠢᠮᠡᠬᠡᠢ ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠤᠨ ᠭᠤᠸᠠᠩᠵᠧᠦ ᠳᠠᠬᠢ ᠸᠢᠶᠧᠲᠨᠠᠮ ᠤᠨ ᠵᠠᠯᠠᠭᠤᠴᠤᠳ ᠤᠨ ᠬᠤᠪᠢᠰᠬᠠᠯᠲᠤ ᠨᠥᠬᠦᠳ ᠤᠨ ᠬᠤᠷᠠᠯ ᠂ ᠭᠤᠸᠠᠩᠰᠢ ᠶᠢᠨ ᠵᠢᠩᠰᠢ ᠶᠢᠨ ︽ᠸᠢᠶᠧᠲᠨᠠᠮ ᠤᠨ ᠬᠤᠯᠪᠤᠭ᠎ᠠ ︾ ᠶᠢᠨ ᠬᠡᠷᠡᠭ ᠡᠷᠭᠢᠯᠡᠭᠦ ᠭᠠᠵᠠᠷ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠪᠣᠯ ᠳᠤᠮᠳᠠᠳᠤ ᠸᠢᠶᠧᠲᠨᠠᠮ ᠤᠨ ᠬᠤᠪᠢᠰᠬᠠᠯ ᠤᠨ ᠨᠥᠬᠦᠷᠯᠡᠯ ᠤᠨ ᠲᠡᠦᠬᠡ ᠶᠢᠨ ᠭᠡᠷᠡᠴᠢ ᠪᠣᠯᠣᠨ᠎ᠠ ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠲᠡᠷᠢᠭᠦᠯᠡᠭᠴᠢ ᠬᠤ᠋ ᡁᠢ ᠮᠢᠩ ᠤᠷᠢᠳ ᠬᠤᠵᠢᠳ ᠶᠠᠨ ᠠᠨ ᠂ ᠭᠦᠢᠯᠢᠨ ᠂ ᠴᠦᠩᠴᠢᠩ ᠂ ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ ᠪᠠᠶᠢᠨ᠎ᠠ ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ ᠵᠥᠪᠯᠡᠭᠴᠢ ᠶᠢᠨ ᠪᠦᠯᠭᠦᠮ ᠪᠣᠯᠣᠨ ᠤᠯᠤᠰ ᠲᠦᠷᠦ ᠶᠢᠨ ᠵᠥᠪᠯᠡᠭᠴᠢ ᠶᠢᠨ ᠪᠦᠯᠭᠦᠮ ᠲᠣᠮᠢᠯᠠᠵᠤ ᠸᠢᠶᠧᠲᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ ᠳᠡᠮᠵᠢᠵᠦ ᠂ ᠳᠤᠮᠳᠠᠳᠤ ᠤᠯᠤᠰ ᠤᠨ ᠨᠠᠮ ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠲᠨᠠᠮ ᠤᠨ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠰᠢᠳᠤᠷᠭᠤ ᠶᠣᠰᠣᠨ ᠤ ᠦᠢᠯᠡᠰ ᠢ ᠪᠦᠭᠦ ᠬᠦᠴᠦ ᠪᠠᠷ ᠢᠶᠠᠨ ᠳᠡᠮᠵᠢᠪᠡ ᠃ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ ᠂ ᠨᠥᠬᠦᠷ ᠪᠥᠭᠡᠳ ᠠᠬ᠎ᠠ ᠳᠡᠭᠦᠦ ︾ ᠨᠢ ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ ᠪᠣᠯᠪᠠ ᠃    ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ ᠲᠦᠷᠦ ᠶᠢᠨ ᠢᠲᠡᠭᠡᠯᠴᠡᠭᠡ ᠠᠴᠠ ᠡᠭᠦᠰᠦᠯ ᠲᠠᠢ ᠃ ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ ᠶᠡᠷᠦᠩᠬᠡᠢ ᠱᠦᠵᠢ ᠂ ᠰᠦ᠋ ᠯᠢᠨ ᠶᠡᠷᠦᠩᠬᠡᠢ ᠱᠦᠵᠢ ᠵᠡᠷᠭᠡ ᠸᠢᠶᠧᠲᠨᠠᠮ ᠤᠨ ᠤᠳᠤᠷᠢᠳᠬᠤ ᠬᠥᠮᠥᠰ ᠲᠠᠢ ᠤᠯᠠᠨ ᠤᠳᠠᠭ᠎ᠠ ᠬᠠᠷᠢᠯᠴᠠᠨ ᠠᠶᠢᠯᠴᠢᠯᠠᠵᠤ ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠴᠢᠭᠯᠡᠯ ᠢ ᠲᠣᠭᠲᠠᠭᠠᠨ ᠵᠠᠯᠠᠭᠤᠷ ᠢ ᠡᠵᠡᠮᠳᠡᠵᠦ ᠥᠭᠴᠡᠢ ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠠᠷᠢᠯᠴᠠᠨ ᠨᠢᠭᠲᠠ ᠬᠥᠳᠡᠯᠦᠯᠴᠡᠵᠦ ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠂ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ ᠰᠣᠯᠢᠯᠴᠠᠭ᠎ᠠ ᠂ ᠬᠤᠶᠠᠷ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠪᠦᠲᠦᠮᠵᠢᠲᠡᠢ ᠠᠵᠢᠯᠯᠠᠵᠤ ᠂ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠤᠯᠪᠣᠭᠠᠲᠤ ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ ᠪᠠᠶᠢᠭᠤᠯᠤᠭᠳᠠᠵᠤ ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠂ ᠤᠯᠤᠰ ᠤᠨ ᠪᠠᠲᠤᠯᠠᠨ ᠬᠠᠮᠠᠭᠠᠯᠠᠯᠲᠠ ᠂ ᠳᠣᠲᠣᠭᠠᠳᠤ ᠶᠢ ᠬᠠᠮᠠᠭᠠᠯᠠᠬᠤ ︽3 + 3 ︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ ᠃ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠳᠡᠭᠡᠷ᠎ᠡ ᠳᠤᠮᠳᠠᠳᠤ ᠸᠢᠶᠧᠲᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ ᠂ ᠬᠠᠮᠵᠢᠯᠴᠠᠭ᠎ᠠ ᠨᠢᠭᠲᠠ ᠪᠠᠶᠢᠳᠠᠭ ᠃    ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠬᠠᠮᠲᠤᠷᠠᠯᠴᠠᠭᠠᠨ ᠤ ᠰᠢᠮᠡᠲᠦ ᠬᠥᠷᠥᠰᠥᠨ ᠳᠤ ᠦᠨᠳᠦᠰᠦᠯᠡᠭᠰᠡᠨ ᠶᠤᠮ ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠮᠡᠬᠦᠰᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ ᠸᠢᠶᠧᠲᠨᠠᠮ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠨᠠᠩ ᠨᠢᠭᠲᠠ ᠪᠣᠯᠪᠠ ᠃ ᠳᠤᠮᠳᠠᠳᠤ ᠤᠯᠤᠰ 20 ᠭᠠᠷᠤᠢ ᠵᠢᠯ ᠳᠠᠷᠠᠭᠠᠯᠠᠨ ᠸᠢᠶᠧᠲᠨᠠᠮ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ ᠂ 2024 ᠣᠨ ᠳᠤ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠵᠠᠢ ᠃ ᠳ᠋ᠦᠷᠢᠦ ᠂ ᠨᠠᠷᠭᠢᠯ ᠵᠡᠷᠭᠡ ᠸᠢᠶᠧᠲᠨᠠᠮ ᠤᠨ ᠨᠡᠩ ᠤᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ ᠃ ᠬᠤᠶᠠᠷ ᠤᠯᠤᠰ ᠤᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠪᠠ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ ᠂ ᠭᠡᠷᠡᠯᠴᠢ ᠴᠡᠨᠡᠭ ᠂ ᠬᠤᠭ ᠨᠣᠪᠰᠢ ᠪᠠᠷ ᠴᠠᠭᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠨᠢ ᠸᠢᠶᠧᠲᠨᠠᠮ ᠤᠨ ᠴᠠᠭᠢᠯᠭᠠᠨ ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ ᠵᠠᠮ ᠤᠨ 2 ᠳ᠋ᠤᠭᠠᠷ ᠱᠤᠭᠤᠮ ᠨᠢ ᠬᠤᠲᠠ ᠶᠢᠨ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ ᠦᠵᠡᠭᠦᠯᠪᠡ ᠃ ᠳᠤᠮᠳᠠᠳᠤ ᠸᠢᠶᠧᠲᠨᠠᠮ ᠬᠤᠶᠠᠷ ᠤᠯᠤᠰ ᠬᠠᠷᠢᠯᠴᠠᠨ ᠠᠮᠵᠢᠯᠲᠠ ᠣᠯᠵᠤ ᠂ ᠬᠠᠮᠲᠤ ᠪᠠᠷ ᠬᠥᠭᠵᠢᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ ᠃    ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ ᠰᠣᠯᠢᠯᠴᠠᠭ᠎ᠠ ᠪᠠᠷ ᠠᠭᠢᠭᠤᠯᠤᠬᠳᠠᠪᠠ ᠃ ᠡᠳᠡᠭᠡᠷ ᠵᠢᠯ ᠤᠳ ᠲᠤ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ ᠂ ᠬᠤᠶᠠᠷ ᠤᠯᠤᠰ ᠤᠨ ᠠᠷᠠᠳ ᠲᠦᠮᠡᠨ ᠶᠠᠪᠤᠬᠤ ᠳᠤᠳᠤᠮ ᠳᠣᠲᠣᠨᠣ ᠪᠣᠯᠪᠠ ᠃ 2024 ᠣᠨ ᠳᠤ ᠳᠤᠮᠳᠠᠳᠤ ᠤᠯᠤᠰ ᠤᠨ ᠸᠢᠶᠧᠲᠨᠠᠮ ᠳᠤ ᠬᠦᠷᠴᠦ ᠵᠢᠭᠤᠯᠴᠢᠯᠠᠬᠰᠠᠳ 370 ᠲᠦᠮᠡᠨ ᠬᠥᠮᠥᠨ ᠤᠳᠠᠭ᠎ᠠ ᠶᠢ ᠳᠠᠪᠠᠵᠤ ᠂ ᠳ᠋ᠧ ᠲᠢᠶᠠᠨ ︵ ᠪᠠᠨ ᠶᠤᠸᠠᠢ ︶ ᠬᠦᠷᠬᠢᠷ᠎ᠡ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ ᠂ ᠬᠢᠯᠢ ᠠᠯᠤᠰᠯᠠᠭᠰᠠᠨ ᠬᠤᠪᠢ ᠶᠢᠨ ᠮᠠᠰᠢᠨ ᠲᠡᠷᠭᠡ ᠪᠠᠨ ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ ᠨᠡᠪᠲᠡᠷᠡᠵᠦ ᠂ ︽ᠨᠢᠭᠡ ᠡᠳᠦᠷ ᠬᠤᠶᠠᠷ ᠤᠯᠤᠰ ᠲᠤ ᠵᠢᠭᠤᠯᠴᠢᠯᠠᠬᠤ ︾ ᠨᠢ ᠪᠣᠳᠠᠲᠤ ᠠᠬᠤᠢ ᠪᠣᠯᠵᠤ ᠪᠡᠶᠡᠯᠡᠭᠳᠡᠪᠡ ᠃ ᠳᠤᠮᠳᠠᠳᠤ ᠤᠯᠤᠰ ᠤᠨ ᠺᠢᠨᠣ᠋ ᠲᠧᠯᠸᠢᠰ ᠤᠨ ᠪᠦᠲᠦᠭᠡᠯ ᠂ ᠡᠯᠧᠺᠳ᠋ᠷᠣᠨ ᠲᠣᠭᠯᠠᠭᠠᠮ ᠨᠢ ᠸᠢᠶᠧᠲᠨᠠᠮ ᠤᠨ ᠵᠠᠯᠠᠭᠤᠴᠤᠳ ᠤᠨ ᠬᠠᠯᠠᠮᠰᠢᠯ ᠶᠠᠷᠢᠶᠠᠨ ᠤ ᠰᠡᠳᠦᠪ ᠪᠣᠯᠵᠤ ᠂ ᠸᠢᠶᠧᠲᠨᠠᠮ ᠤᠨ ︽ᠬᠢᠲᠠᠳ ᠬᠡᠯᠡᠨ ᠤ ᠬᠠᠯᠠᠮᠰᠢᠯ ︾ ᠢ ᠲᠠᠰᠤᠷᠠᠯᠲᠠ ᠦᠭᠡᠢ ᠳᠠᠶᠢᠴᠢᠯᠠᠪᠠ ᠃ ᠸᠢᠶᠧᠲᠨᠠᠮ ᠤᠨ ᠴᠥᠭᠡᠨ ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠳᠤ ᠬᠠᠯᠠᠮᠰᠢᠯ ᠮᠡᠳᠡᠭᠡ ᠪᠣᠯᠵᠤ ᠂ ᠾᠤᠹᠧᠨ ᠵᠡᠷᠭᠡ ᠸᠢᠶᠧᠲᠨᠠᠮ ᠤᠨ ᠠᠮᠲᠠᠲᠤ ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ ᠠᠷᠠᠳ ᠤᠯᠠᠨ ᠳᠤ ᠲᠠᠭᠠᠰᠢᠶᠠᠭᠳᠠᠪᠠ ᠃    ᠣᠳᠣᠬᠠᠨ ᠳᠤ ᠳᠡᠯᠡᠬᠡᠢ ᠶᠢᠨ ᠬᠤᠪᠢᠷᠠᠯᠲᠠ ᠂ ᠴᠠᠭ ᠦᠶ᠎ᠡ ᠶᠢᠨ ᠬᠤᠪᠢᠷᠠᠯᠲᠠ ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ ᠃ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ ᠂ 2024 ᠣᠨ ᠳᠤ 5% ᠶᠢᠨ ᠨᠡᠮᠡᠭᠳᠡᠯ ᠢ ᠪᠡᠶᠡᠯᠡᠭᠦᠯᠵᠦ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ 30% ᠣᠷᠴᠢᠮ ᠪᠠᠶᠢᠬᠤ ᠶᠢ ᠪᠠᠲᠤᠯᠠᠵᠤ ᠂ ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠣᠯᠪᠠ ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠂ ᠵᠣᠬᠢᠶᠠᠮᠠᠯ ᠣᠶᠤᠨ ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠬᠤ ᠶᠢ ᠪᠠᠷᠢᠮᠲᠠᠯᠠᠵᠤ ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ ᠃    ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ ᠂ ᠶᠠᠭ ᠪᠦᠬᠦᠯᠢ ᠴᠣᠭᠴᠠ ᠶᠢᠨ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠃ ᠳᠤᠮᠳᠠᠳᠤ ᠤᠯᠤᠰ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠨ ᠂ ᠬᠥᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠤᠨ᠎ᠠ ᠃    ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠃ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠵᠦ ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ ︾ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠪᠣᠯᠣᠨ᠎ᠠ ᠃ ᠳᠤᠮᠳᠠᠳᠤ ᠤᠯᠤᠰ ᠸᠢᠶᠧᠲᠨᠠᠮ ᠢ ᠢᠮᠠᠭᠲᠠ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠭᠰᠡᠭᠡᠷ ᠢᠷᠡᠵᠠᠢ ᠃ ᠪᠢᠳᠡ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ ᠃    — ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ ᠂ ᠨᠡᠶᠢᠭᠡᠮ ᠵᠢᠷᠤᠮ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ ᠃ ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ ᠂ ᠨᠠᠮ ᠤᠨ ᠬᠤᠭᠤᠷᠣᠨᠳᠣᠭᠢ ᠂ ᠵᠠᠰᠠᠭ ᠤᠨ ᠣᠷᠳᠣᠨ ᠂ ᠴᠡᠷᠢᠭ ᠠᠩᠭᠢ ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠭᠠᠳᠠᠭᠠᠳᠤ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ ᠂ ᠤᠯᠤᠰ ᠲᠥᠷᠥ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ ᠬᠠᠮᠲᠤ ᠪᠠᠷ ᠰᠦᠪᠡᠭᠴᠢᠯᠡᠨ ᠪᠠᠶᠠᠯᠢᠭᠵᠢᠭᠤᠯᠵᠤ ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠃    — ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠶ᠎ᠡ ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠢᠭᠡᠳ ︽ᠬᠤᠶᠠᠷ ᠬᠤᠩᠭᠢᠯ ᠨᠢᠭᠡ ᠲᠣᠭᠤᠷᠢᠭ ︾ ᠤᠨ ᠪᠣᠷᠣ ᠲᠥᠯᠥᠪ ᠢ ᠵᠣᠯᠭᠠᠭᠤᠯᠬᠤ ᠲᠤᠬᠠᠢ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠨᠡᠩ ᠤᠯᠠᠨ ᠠᠵᠤ ᠠᠬᠤᠢ ᠂ ᠮᠡᠷᠭᠡᠵᠢᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠸᠢᠶᠧᠲᠨᠠᠮ ᠤᠨ ᠤᠮᠠᠷᠠᠲᠤ ᠬᠡᠰᠡᠭ ᠤᠨ ᠪᠠᠷᠢᠮᠵᠢᠶᠠᠲᠤ ᠵᠢᠮᠲᠦ ᠲᠡᠮᠦᠷ ᠵᠠᠮ ᠤᠨ 3 ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ ᠂ ᠣᠶᠤᠨᠲᠤ ᠬᠢᠯᠢ ᠶᠢᠨ ᠪᠣᠭᠤᠮᠲᠠ ᠶᠢ ᠪᠠᠶᠢᠭᠤᠯᠤᠨ᠎ᠠ ᠃ ᠳᠤᠮᠳᠠᠳᠤ ᠤᠯᠤᠰ ᠸᠢᠶᠧᠳ᠋ᠨᠠᠮ ᠤᠨ ᠨᠡᠩ ᠤᠯᠠᠨ ᠴᠢᠨᠠᠷ ᠰᠠᠶᠢᠲᠠᠢ ᠲᠠᠸᠠᠷ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ 5G ᠂ ᠵᠣᠬᠢᠶᠠᠮᠠᠯ ᠤᠶᠤᠨ ᠴᠢᠳᠠᠪᠤᠷᠢ ᠂ ᠪᠣᠬᠢᠷᠳᠤᠯ ᠦᠭᠡᠢ ᠬᠥᠭᠵᠢᠯᠲᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ ᠃    — ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠠᠷᠠᠳ ᠤᠨ ᠰᠡᠳᠬᠢᠯ ᠢ ᠨᠡᠪᠲᠡᠷᠡᠭᠦᠯᠬᠦ ᠬᠤᠯᠪᠣᠭᠠᠰᠤ ᠶᠢ ᠴᠢᠩᠭᠠᠯᠠᠶ᠎ᠠ ᠃ ᠡᠨᠡ ᠵᠢᠯ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ ᠡᠯᠪᠡᠭ ᠪᠠᠶᠠᠯᠢᠭ ᠤᠯᠠᠨ ᠡᠰᠢᠲᠦ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ ᠃ ᠳᠤᠮᠳᠠᠳᠤ ᠤᠯᠤᠰ ᠸᠢᠶᠧᠲᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ ᠡᠯ᠎ᠡ ᠭᠠᠵᠠᠷ ᠢᠶᠠᠷ ᠢᠯᠡᠭᠦᠬᠡᠨ ᠬᠦᠷᠴᠦ ︽ᠠᠶᠢᠯᠴᠢᠯᠠᠬᠤ ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ ᠤᠯᠤᠰ ᠤᠨ ᠵᠢᠭᠤᠯᠴᠢᠯᠠᠬᠰᠡᠳ ᠤᠨ ᠸᠢᠶᠧᠲᠨᠠᠮ ᠤᠨ ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠳ᠋ᠯᠠᠨ ᠵᠢᠭᠤᠯᠴᠢᠯᠠᠬᠤ ︾ ᠶᠢ ᠵᠣᠷᠢᠭᠵᠢᠭᠤᠯᠤᠨ᠎ᠠ ᠃ ᠳᠤᠮᠳᠠᠳᠤ ᠸᠢᠶᠧᠲᠨᠠᠮ ᠤᠨ ᠵᠠᠯᠠᠭᠤᠴᠤᠳ ᠤᠨ ᠨᠥᠭᠦᠷᠰᠡᠭ ᠠᠭᠤᠯᠵᠠᠯᠲᠠ ᠂ ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ ᠂ ᠤᠯᠠᠨ ᠲᠦᠮᠡᠨ ᠲᠠᠢ ᠣᠶᠢᠷᠠᠲᠤᠭᠰᠠᠨ ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠳᠠᠮᠵᠢᠭᠤᠯᠤᠶ᠎ᠠ ᠃    — ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ ᠠᠬᠢᠭᠤᠯᠤᠶ᠎ᠠ ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠃ ᠠᠷᠠᠯᠵᠢᠶᠠᠨ ᠤ ᠲᠡᠶᠢᠨ ᠂ ᠪᠣᠭᠤᠮᠲᠠ ᠶᠢᠨ ᠭᠠᠶᠢᠯᠢ ᠶᠢᠨ ᠲᠡᠶᠢᠨ ᠳᠤ ᠢᠯᠠᠭᠴᠢ ᠦᠭᠡᠢ ᠂ ᠬᠠᠮᠠᠭᠠᠯᠠᠬᠤ ᠦᠵᠡᠯ ᠳᠤ ᠭᠠᠷᠬᠤ ᠵᠠᠮ ᠦᠭᠡᠢ ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ ᠃ ᠵᠡᠭᠦᠨ ᠠᠽᠢᠶ᠎ᠠ ᠶᠢᠨ ᠬᠠᠮᠲᠤᠷᠠᠯᠴᠠᠭ᠎ᠠ ᠂ ᠯᠠᠨᠼᠠᠩᠵᠢᠶᠠᠩ ᠮᠥᠷᠡᠨ ᠮᠦᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ ᠲᠣᠬᠲᠠᠭᠠᠯᠳᠤ ᠴᠢᠨᠠᠷ ᠪᠠ ᠢᠳᠡᠪᠬᠢ ᠬᠦᠴᠦᠨ ᠨᠡᠮᠡᠷᠢᠯᠡᠶ᠎ᠡ ᠃     — ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ ᠃ ᠳᠤᠮᠳᠠᠳᠤ ᠸᠢᠶᠧᠲᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ ᠪᠣᠯᠣᠨ ᠤᠮᠠᠷᠠᠲᠤ ᠶᠢᠨ ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ ᠠᠮᠵᠢᠯᠲᠠ ᠲᠠᠢ ᠦᠢᠯᠡᠳᠦᠯᠭᠡ ᠨᠢ ᠂ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠴᠢᠳᠠᠪᠤᠷᠢ ᠂ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ ᠂ ᠳᠠᠯᠠᠢ ᠳᠡᠭᠡᠷᠡᠬᠢ ᠶᠠᠪᠤᠳᠠᠯ ᠤᠨ ᠬᠡᠯᠡᠯᠴᠡᠭᠡ ᠶᠢᠨ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ ᠵᠣᠬᠢᠰᠲᠠᠢ ᠬᠠᠮᠢᠶᠠᠷᠤᠨ ᠡᠵᠡᠮᠳᠡᠵᠦ ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ ᠂ ᠡᠴᠦᠰ ᠲᠡᠭᠡᠨ ᠮᠠᠷᠭᠤᠭᠠᠨ ᠢ ᠰᠢᠢᠳᠪᠦᠷᠢᠯᠡᠬᠦ ᠳᠤ ᠨᠥᠬᠦᠴᠡᠯ ᠬᠤᠷᠠᠮᠳᠤᠭᠤᠯᠤᠶ᠎ᠠ ᠃ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ ︾ ᠶᠢᠨ ᠵᠥᠪᠳᠡᠯᠴᠡᠭᠡ ᠶᠢ ᠢᠳᠡᠪᠬᠢᠲᠡᠢ ᠠᠬᠢᠭᠤᠯᠵᠤ ᠂ ᠬᠠᠷᠰᠢᠯᠠᠯ ᠢ ᠠᠷᠢᠯᠭᠠᠵᠤ ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ ᠂ ᠡᠮᠦᠨᠡᠲᠦ ᠲᠠᠩᠭᠢᠰ ᠢ ᠵᠢᠩᠬᠢᠨᠢ ᠡᠩᠬᠡ ᠲᠠᠶᠢᠪᠤᠩ ᠤᠨ ᠲᠠᠩᠭᠢᠰ ᠂ ᠨᠥᠬᠦᠷᠯᠡᠯ ᠤᠨ ᠲᠠᠩᠭᠢᠰ ᠂ ᠬᠠᠮᠲᠤᠷᠠᠯᠴᠠᠭᠠᠨ ᠤ ᠲᠠᠩᠭᠢᠰ ᠪᠣᠯᠭᠠᠶ᠎ᠠ ᠃     ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠬᠠᠮᠲᠤ ᠪᠠᠷ ᠭᠠᠷ ᠬᠤᠯᠪᠣᠨ ᠤᠷᠤᠭᠰᠢᠯᠠᠵᠤ ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠂ ᠦᠷᠭᠦᠯᠵᠢᠯᠡᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠃
 
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1