ᠳ᠋ᠦᠩ ᠾᠧ ᠲᠣᠭᠤᠷᠢᠭ ᠤᠨ ᠬᠢᠨ 2025 ᠣᠨ ᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠭᠠᠰᠢᠭᠤᠳᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/7
   ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠭᠠᠰᠢᠭᠤᠳᠠᠬᠤ ᠨᠢ ᠥᠨᠢ ᠡᠭᠦᠷᠢᠳᠡ ᠶᠢᠨ ᠤᠯᠠᠮᠵᠢᠯᠠᠯ ᠪᠤᠯᠤᠨ᠎ᠠ᠃ 4 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠦᠷᠦᠭᠦᠯᠡᠵᠦ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠬᠤ︾ ᠬᠠᠩᠰᠢ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠴᠡᠴᠡᠷᠯᠢᠭ ᠲᠤ ᠶᠠᠪᠤᠭᠳᠠᠵᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠪᠠ ᠲᠣᠭᠤᠷᠢᠭ ᠤᠨ ᠬᠠᠷᠢᠶ᠎ᠠ ᠰᠤᠷᠭᠠᠭᠤᠯᠢ ᠶᠢᠨ ᠰᠣᠷᠣᠭᠴᠢ ᠵᠡᠷᠭᠡ ᠲᠥᠯᠥᠭᠡᠯᠡᠭᠴᠢ 1000 ᠭᠠᠷᠤᠶ ᠬᠥᠮᠦᠨ ᠲᠤᠬᠠᠶ ᠶᠢᠨ ᠲᠠᠯᠠᠪᠠᠶ ᠳᠤ ᠴᠤᠭᠯᠠᠷᠠᠵᠤ᠂ ᠦᠷᠡᠭᠳᠡᠭᠰᠡᠨ ᠪᠠᠭᠠᠲᠤᠷᠴᠤᠳ ᠢᠶᠠᠨ ᠬᠠᠮᠲᠤ ᠪᠠᠷ ᠭᠠᠰᠢᠭᠤᠳᠠᠪᠠ᠃
   ᠠᠵᠢᠯᠯᠠᠭ᠎ᠠ ᠨᠢ ᠪᠠᠭᠠᠴᠤᠳ ᠤᠨ ᠴᠡᠷᠢᠭ ᠤᠨ ᠰᠤᠷᠭᠠᠭᠤᠯᠢ ᠡᠬᠢᠯᠡᠬᠦ ᠶᠣᠰᠣᠯᠠᠯ ᠤᠨ ᠳᠤᠮᠳᠠ ᠬᠥᠰᠢᠭᠡ ᠪᠠᠨ ᠰᠡᠬᠦᠵᠦ᠂ ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠳ᠋ᠦᠩ ᠾᠧ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠥᠷᠲᠡᠭᠡᠨ ᠤ ᠬᠤᠶᠢᠲᠤ ᠵᠠᠮ ᠤᠨ ᠬᠤᠶᠠᠳᠤᠭᠠᠷ ᠪᠠᠭ᠎ᠠ ᠰᠤᠷᠭᠠᠭᠤᠯᠢ ᠲᠠᠷᠢ ᠲᠡᠭᠰᠢ ᠠᠯᠬᠤᠭ᠎ᠠ ᠪᠠᠷ ᠲᠤᠭ ᠭᠠᠷᠭᠠᠪᠠ᠃ ᠪᠦᠬᠦ ᠬᠥᠮᠦᠰ ᠲᠥᠪ ᠬᠢᠴᠢᠶᠡᠩᠭᠦᠢ ᠪᠠᠷ ᠵᠣᠭᠰᠣᠵᠤ᠂ ᠤᠯᠤᠰ ᠤᠨ ᠳᠠᠭᠤᠤ ᠶᠢ ᠬᠥᠭᠵᠢᠮᠳᠡᠨ ᠳᠠᠭᠤᠯᠠᠭᠰᠠᠨ ᠤ ᠲᠠᠷᠠᠭ᠎ᠠ᠂ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠵᠤ᠂ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ ᠪᠠᠶᠢᠬᠤ ᠪᠠᠨ ᠢᠯᠡᠳᠬᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠴᠢᠩ ᠰᠡᠳᠬᠢᠯᠭᠡ ᠲᠠᠢ ᠪᠠᠷ ᠶᠠᠷᠢᠶ᠎ᠠ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠪᠢᠰᠢᠷᠡᠬᠦ ᠪᠠ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠡᠷᠡᠰ ᠵᠣᠷᠢᠭ ᠢ ᠢᠯᠡᠳᠬᠡᠵᠡᠶ᠃
   ᠳᠠᠷᠠᠭ᠎ᠠ ᠨᠢ᠂ ᠡᠯ᠎ᠡ ᠨᠢᠭᠡᠴᠡ ᠶᠢᠨ ᠲᠥᠯᠥᠭᠡᠯᠡᠭᠴᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠴᠡᠴᠡᠭ ᠬᠦᠷᠭᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠹᠸᠢ ᠠᠵᠢᠯᠯᠠᠭ᠎ᠠ ᠶᠢᠨ ᠳᠤᠮᠳᠠ ᠶᠠᠷᠢᠶ᠎ᠠ ᠲᠠᠯᠪᠢᠵᠤ᠂ ᠲᠡᠦᠬᠡ ᠶᠢᠨ ᠴᠢᠬᠤᠯᠠ ᠠᠴᠢ ᠬᠤᠯᠪᠣᠭᠳᠠᠯ ᠢ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠬᠦ ᠬᠥᠮᠦᠰ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠪᠠᠷᠠᠯᠠᠬᠤ ᠶᠢᠨ ᠬᠠᠮᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠲᠡᠦᠬᠡ ᠶᠢᠨ ᠭᠡᠷᠡᠯ ᠵᠢᠷᠤᠭ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠤᠳ ᠢᠶᠠᠷ ᠣᠷᠣᠯᠴᠠᠭᠰᠠᠳ ᠲᠤ ᠥᠨᠥᠳᠦᠷ ᠤᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠢ ᠮᠡᠳᠡᠷᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠪᠠᠲᠤ ᠴᠡᠭᠡᠵᠢᠯᠡᠬᠦ ᠬᠡᠷᠡᠭᠲᠡᠢ᠃
   ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠤ ᠦᠷᠡᠭᠳᠡᠭᠰᠡᠨ ᠪᠠᠭᠠᠲᠤᠷᠴᠤᠳ ᠤᠨ ᠬᠡᠷᠡᠮ ᠤᠨ ᠡᠮᠦᠨ᠎ᠡ᠂ ᠬᠡᠦᠬᠡᠳ ᠤᠳ ᠬᠢᠵᠠᠭᠠᠯᠠᠰᠢ ᠦᠭᠡᠢ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠬᠥᠰᠢᠭᠡ ᠶᠢ ᠵᠦᠯᠭᠦᠵᠦ᠂ ᠵᠢᠵᠢᠭᠬᠡᠨ ᠬᠥᠳᠡᠯᠭᠡᠭᠡᠨ ᠨᠢᠭᠡᠪᠦᠷᠢ ᠶᠢ ᠴᠥᠮ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠪᠢᠰᠢᠷᠡᠵᠦ ᠪᠠᠶᠢᠪᠠ᠃
   ᠲᠣᠰ ᠤᠳᠠᠭᠠᠨ ᠤ ᠠᠵᠢᠯᠯᠠᠭ᠎ᠠ ᠨᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠤᠬᠠᠶ ᠬᠥᠭᠡᠭᠡᠴᠡᠯᠳᠦᠯ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠬᠤᠪᠢᠰᠬᠠᠯ ᠤᠨ ᠵᠣᠷᠢᠭ ᠰᠠᠨᠠᠭᠠᠨ ᠤ ᠤᠯᠠᠮᠵᠢᠯᠠᠯ ᠮᠥᠨ᠂ ᠡᠨᠡ ᠨᠢ ᠳ᠋ᠦᠩ ᠾᠧ ᠲᠣᠭᠤᠷᠢᠭ ᠤᠨ ᠡᠯ᠎ᠡ ᠡᠲᠡᠭᠡᠳ ᠤᠨ ᠬᠥᠮᠦᠰ ᠤᠨ ᠬᠤᠪᠢᠰᠬᠠᠯ ᠤᠨ ᠤᠳᠤᠮᠰᠢᠯ ᠢ ᠴᠢᠰᠤᠨ ᠰᠤᠳᠠᠰᠤᠨ ᠳᠤ ᠠᠭᠤᠰᠬᠠᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠵᠤ ᠪᠠᠶᠢᠨ᠎ᠠ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1