ᠲᠣᠳᠣᠷᠬᠠᠢ ᠳᠣᠭᠲᠠᠭᠠᠪᠠ︕ ᠠᠵᠢᠯ ᠠᠴᠠ ᠪᠠᠨ ᠠᠮᠠᠷᠠᠬᠤ ᠶᠢ ᠤᠶᠠᠨ ᠬᠠᠷᠢᠮᠠᠬᠠᠢ ᠬᠤᠶᠢᠰᠢᠯᠠᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2025/4/9
   ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠢᠳᠡᠭ ᠢᠳᠡᠭ ᠢᠶᠠᠷ ᠬᠤᠶᠢᠰᠢᠯᠠᠭᠰᠠᠨ ᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠢᠷᠡᠯ᠎ᠡ᠂ ᠵᠠᠷᠢᠮ ᠪᠠᠶᠢᠭᠤᠯᠭ᠎ᠠ ᠶᠢᠨ ᠳᠣᠲᠣᠷᠡᠬᠢ ᠬᠥᠮᠥᠰ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠪᠠᠷ ᠭᠤᠶᠤᠴᠢᠯᠠᠬᠤ ᠪᠣᠯᠬᠤ ᠡᠰᠡᠬᠦ᠂ ᠬᠠᠰᠢᠯᠠ ᠠᠵᠢᠯ ᠠᠴᠠ ᠪᠠᠨ ᠠᠮᠠᠷᠠᠬᠤ ᠨᠠᠰᠤ ᠨᠢ ᠪᠣᠯᠪᠠᠯ ᠰᠢᠭᠤᠳ ᠠᠵᠢᠯ ᠠᠴᠠ ᠪᠠᠨ ᠠᠮᠠᠷᠠᠬᠤ ᠡᠰᠡᠬᠦ ᠶᠢ ᠪᠤᠳᠤᠵᠤ ᠡᠬᠢᠯᠡᠪᠡ᠃    ᠭᠡᠪᠡᠴᠦ᠂ ᠬᠠᠮᠤᠭ ᠤᠨ ᠰᠢᠨ᠎ᠡ ᠲᠥᠪ ᠤᠨ ᠲᠥᠷᠥ ᠶᠢᠨ ᠪᠣᠳᠣᠯᠭ᠎ᠠ ᠶᠢ ᠥᠨᠳᠦᠰᠦᠯᠡᠪᠡᠯ᠂ ᠡᠳᠡᠭᠡᠷ ᠪᠥᠬᠦᠨ ᠢ ᠠᠯᠪᠠᠲᠠᠨ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠳᠤᠷᠢᠳᠤᠯᠭ᠎ᠠ ᠪᠣᠯᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠬᠥᠮᠦᠰ ᠲᠤ ᠠᠪᠴᠤ ᠬᠡᠯᠡᠪᠡᠯ᠂ ᠮᠥᠨ ᠯᠡ ︽ᠠᠯᠪᠠᠳᠠᠯᠭ᠎ᠠ ᠪᠠᠷ ᠠᠵᠢᠯ ᠠᠴᠠ ᠪᠠᠨ ᠠᠮᠠᠷᠠᠬᠤ︾ ᠲᠥᠷᠥ ᠶᠢᠨ ᠪᠣᠳᠣᠯᠭ᠎ᠠ ᠲᠣᠬᠢᠷᠠᠨ᠎ᠠ᠂ ᠥᠭᠡᠷ᠎ᠡ ᠪᠠᠷ ᠬᠡᠯᠡᠪᠡᠯ᠂ ᠲᠡᠳᠡ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠬᠦ ᠦᠶ᠎ᠡ ᠳᠤ᠂ ᠴᠠᠭ ᠲᠠᠭᠠᠨ ᠠᠵᠢᠯ ᠠᠴᠠ ᠪᠠᠨ ᠠᠮᠠᠷᠠᠬᠤ ᠴᠢᠬᠤᠯᠠ ᠲᠠᠢ ᠪᠠᠶᠢᠵᠤ᠂ ᠰᠠᠷ᠎ᠠ ᠪᠠᠷ ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ ᠣᠯᠭᠤᠮᠵᠢ  ᠬᠦᠷᠲᠡᠨ᠎ᠡ᠃
   ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠶᠠᠮᠤᠨ 2024 ᠣᠨ ᠤ ᠬᠠᠮᠤᠭ ᠰᠡᠭᠦᠯᠴᠢ ᠶᠢᠨ ᠡᠳᠦᠷ ᠤᠨ ᠪᠢᠴᠢᠭ ᠮᠠᠲ᠋ᠧᠷᠢᠶᠠᠯ᠂ 2025 ᠣᠨ ᠤ ᠰᠢᠨ᠎ᠡ ᠵᠢᠯ ᠳᠤ ᠨᠡᠶᠢᠲᠡᠯᠡᠭᠰᠡᠨ ︽ ᠤᠶᠠᠨ ᠬᠠᠷᠢᠮᠠᠬᠠᠢ ᠠᠵᠢᠯ ᠠᠴᠠ ᠪᠠᠨ ᠠᠮᠠᠷᠠᠬᠤ ᠲᠦᠷᠢᠮ ᠢ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠃    ︽ᠠᠷᠭ᠎ᠠ︾ ᠶᠢᠨ ᠨᠢᠭᠡᠳᠦᠭᠡᠷ᠂ ᠬᠤᠶᠠᠳᠤᠭᠠᠷ ᠵᠦᠢᠯ ᠳᠤ᠂ ︽ᠰᠠᠶᠢᠨ ᠳᠤᠷ᠎ᠠ ᠠᠴᠠ ᠪᠠᠨ ᠤᠶᠠᠨ ᠬᠠᠷᠢᠮᠠᠬᠠᠶ ᠤᠷᠢᠳᠴᠢᠯᠠᠨ ᠠᠵᠢᠯ ᠠᠴᠠ ᠪᠠᠨ ᠠᠮᠠᠷᠠᠬᠤ ᠶᠢ ᠰᠣᠩᠭᠤᠬᠤ︾ ᠲᠦᠷᠢᠮ ᠤᠨ ᠲᠤᠬᠠᠶ ᠨᠠᠷᠢᠯᠢᠭᠵᠢᠭᠤᠯᠤᠨ ᠳᠣᠭᠲᠠᠭᠠᠪᠠ᠂ ᠲᠤᠬᠠᠶᠢᠯᠠᠪᠠᠯ ᠳᠥᠷᠪᠡᠨ ᠨᠥᠬᠦᠴᠡᠯ᠄ ᠨᠢᠭᠡ ᠳᠤ ᠤᠯᠤᠰ ᠤᠨ ᠲᠣᠭᠲᠠᠭᠠᠭᠰᠠᠨ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ ᠬᠠᠮᠤᠭ ᠤᠨ ᠳᠣᠤᠷ᠎ᠠ ᠳᠤᠰᠢᠶᠠᠬᠤ ᠵᠢᠯ ᠬᠤᠭᠤᠴᠠᠭ᠎ᠠ ᠳᠤ ᠬᠦᠷᠴᠦ᠂ 2030 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠰᠦᠢᠳᠭᠡᠯ ᠲᠤᠰᠢᠶᠠᠭᠠᠳ ᠪᠦᠬᠦᠯᠢ 15 ᠵᠢᠯ ᠪᠣᠯᠵᠤ᠂ 2030 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠢᠳᠡᠭ ᠢᠳᠡᠭ ᠢᠶᠠᠷ ᠰᠦᠢᠳᠭᠡᠯ ᠲᠤᠰᠢᠶᠠᠭᠠᠳ ᠪᠦᠬᠦᠯᠢ 20 ᠵᠢᠯ ᠪᠣᠯᠤᠭᠰᠠᠨ ︵ᠵᠢᠯ ᠪᠦᠷᠢ ᠵᠢᠷᠭᠤᠭᠠᠨ ᠰᠠᠷ᠎ᠠ ᠳᠡᠭᠡᠭᠰᠢᠯᠡᠭᠦᠯᠦᠨ᠎ᠡ︶᠃ ᠬᠤᠶᠠᠷ ᠲᠤ᠂ ᠤᠤᠯ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠴᠦ᠂ ᠡᠩ ᠤᠨ ᠡᠮᠡᠭᠲᠡᠶ ᠠᠵᠢᠯᠲᠠᠨ ᠠᠵᠢᠯᠴᠢᠨ ᠪᠦᠬᠦᠯᠢ 50 ᠨᠠᠰᠤ ᠬᠦᠷᠴᠦ᠂ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠡᠮᠡᠭᠲᠡᠶ ᠠᠵᠢᠯᠲᠠᠨ ᠠᠵᠢᠯᠴᠢᠨ ᠪᠦᠬᠦᠯᠢ 55 ᠨᠠᠰᠤ ᠬᠦᠷᠴᠦ᠂ ᠡᠷᠡᠭᠲᠡᠶ ᠠᠵᠢᠯᠲᠠᠨ ᠠᠵᠢᠯᠴᠢᠨ ᠪᠦᠬᠦᠯᠢ 60 ᠨᠠᠰᠤ ᠬᠦᠷᠪᠡ᠃ ᠭᠤᠷᠪᠠ ᠳᠤ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠠᠴᠠ ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠳᠥᠷᠪᠡ ᠳᠤ ᠨᠠᠭᠠᠳᠤ ᠵᠠᠬ᠎ᠠ ᠳᠠᠭᠠᠨ 3 ᠰᠠᠷ᠎ᠠ ᠤᠷᠢᠳᠴᠢᠯᠠᠨ ᠪᠠᠶᠢᠭ᠎ᠠ ᠨᠢᠭᠡᠴᠢ ᠳᠤ ᠬᠤᠪᠢ ᠬᠥᠮᠦᠨ ᠤ ᠤᠷᠢᠳᠴᠢᠯᠠᠨ ᠠᠵᠢᠯ ᠠᠴᠠ ᠪᠠᠨ ᠠᠮᠠᠷᠠᠬᠤ ᠭᠤᠶᠤᠴᠢᠯᠠᠯ ᠢᠶᠠᠨ ᠪᠢᠴᠢᠭ ᠢᠶᠠᠷ ᠮᠡᠳᠡᠭᠳᠡᠨ᠎ᠡ᠃ ︽ᠠᠵᠢᠯᠲᠠᠨ ᠠᠵᠢᠯᠴᠢᠨ ᠰᠠᠶᠢᠨ ᠳᠤᠷ᠎ᠠ ᠠᠴᠠ ᠪᠠᠨ ᠣᠶᠠᠨ ᠬᠠᠷᠢᠮᠠᠬᠠᠶ ᠠᠵᠢᠯ ᠠᠴᠠ ᠪᠠᠨ ᠤᠷᠢᠳᠴᠢᠯᠠᠨ ᠠᠮᠠᠷᠠᠬᠤ ᠪᠣᠯ᠂ ᠠᠳᠠᠭ ᠲᠠᠭᠠᠨ ᠲᠤᠰ ᠬᠥᠮᠦᠨ ᠤ ᠰᠣᠩᠭᠤᠭᠰᠠᠨ ᠠᠵᠢᠯ ᠠᠴᠠ ᠪᠠᠨ ᠠᠮᠠᠷᠠᠬᠤ ᠴᠠᠭ ᠠᠴᠠ ᠡᠮᠦᠨ᠎ᠡ 3 ᠰᠠᠷ᠎ᠠ ᠳᠤ  ᠠᠵᠢᠯᠯᠠᠵᠤ ᠪᠠᠶᠢᠭ᠎ᠠ ᠨᠢᠭᠡᠴᠡ ᠳᠡᠭᠡᠨ ᠪᠢᠴᠢᠭ ᠤᠨ ᠬᠡᠯᠪᠡᠷᠢ ᠪᠠᠷ ᠮᠡᠳᠡᠭᠳᠡᠬᠦ ᠬᠡᠷᠡᠭᠲᠡᠶ︾᠃    ᠭᠡᠪᠡᠴᠦ᠂ ᠳᠡᠭᠡᠷᠡᠬᠢ ᠲᠥᠷᠥ ᠶᠢᠨ ᠪᠣᠳᠣᠯᠭ᠎ᠠ ᠨᠢ ᠭᠤᠷᠪᠠᠨ ᠲᠥᠷᠥᠯ ᠤᠨ ᠬᠥᠮᠦᠰ ᠲᠤ ᠲᠣᠬᠢᠷᠠᠬᠤ ᠦᠭᠡᠶ᠄ ᠠᠯᠪᠠᠲᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠳᠣᠷᠢᠳᠣᠯᠭ᠎ᠠ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ ᠪᠤᠯᠤᠨ᠎ᠠ᠃ ︽ᠠᠷᠭ᠎ᠠ︾ ᠶᠢᠨ ᠳᠥᠷᠪᠡᠳᠦᠭᠡᠷ ᠵᠦᠢᠯ ᠤᠨ ᠬᠤᠶᠠᠳᠤᠭᠠᠷ ᠵᠣᠷᠪᠤᠰ ᠲᠤ᠂ ︽ᠠᠯᠪᠠᠲᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠳᠣᠷᠢᠳᠣᠯᠭ᠎ᠠ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠪᠡᠯ ᠴᠠᠭ ᠲᠤᠬᠠᠶ ᠳᠤᠨᠢ ᠠᠵᠢᠯ ᠠᠴᠠ ᠪᠠᠨ ᠠᠮᠠᠷᠠᠬᠤ ᠭᠠᠷ ᠭᠦᠢᠴᠡᠳᠬᠡᠯ ᠬᠢᠬᠦ ᠬᠡᠷᠡᠭᠲᠡᠶ︾ ᠭᠡᠵᠦ ᠲᠣᠭᠲᠠᠭᠠᠵᠠᠶ᠃ ᠥᠭᠡᠷ᠎ᠡ ᠪᠠᠷ ᠬᠡᠯᠡᠪᠡᠯ᠂ ᠠᠯᠪᠠᠲᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠳᠣᠷᠢᠳᠣᠯᠭ᠎ᠠ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ ᠵᠥᠪᠬᠡᠨ ᠠᠵᠢᠯ ᠠᠴᠠ ᠪᠠᠨ ᠠᠮᠠᠷᠠᠬᠤ ᠨᠠᠰᠣᠨ ᠳᠤ ᠬᠦᠷᠬᠦ ᠪᠤᠶᠤ ᠰᠠᠶᠢᠨ ᠳᠤᠷ᠎ᠠ ᠠᠴᠠ ᠪᠠᠨ ᠤᠶᠠᠨ ᠬᠠᠷᠢᠮᠠᠬᠠᠢ ᠤᠷᠢᠳᠴᠢᠯᠠᠨ ᠠᠵᠢᠯ ᠠᠴᠠ ᠪᠠᠨ ᠠᠮᠠᠷᠠᠬᠤ᠂ ᠠᠵᠢᠯ ᠠᠴᠠ ᠪᠠᠨ ᠠᠮᠠᠷᠠᠬᠤ ᠶᠢ ᠤᠶᠠᠨ ᠬᠠᠷᠢᠮᠠᠬᠠᠢ ᠬᠤᠶᠢᠰᠢᠯᠠᠭᠤᠯᠬᠤ ᠶᠢ ᠵᠥᠪᠰᠢᠶᠡᠷᠡᠬᠦ ᠦᠭᠡᠢ᠃    ᠪᠣᠳᠠᠲᠠᠶ ᠪᠠᠷ ᠠᠪᠴᠤ ᠬᠡᠯᠡᠪᠡᠯ᠂ ᠪᠤᠶ ᠪᠦᠬᠦᠢ ᠠᠯᠪᠠᠲᠠᠨ᠄ ᠠᠯᠪᠠᠲᠠᠨ ᠨᠢ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠬᠦ ᠳᠤ᠂ ᠠᠵᠢᠯ ᠠᠴᠠ  ᠠᠮᠠᠷᠠᠬᠤ ᠶᠢ ᠴᠠᠭ ᠲᠤᠬᠠᠶ ᠳᠤᠨᠢ ᠭᠦᠢᠴᠡᠳᠬᠡᠬᠦ ᠬᠡᠷᠡᠭᠲᠡᠶ᠂ ᠠᠵᠢᠯ ᠠᠴᠠ ᠪᠠᠨ ᠠᠮᠠᠷᠠᠬᠤ ᠨᠠᠰᠤ ᠶᠢ ᠤᠶᠠᠨ ᠬᠠᠷᠢᠮᠠᠬᠠᠢ ᠬᠤᠶᠢᠰᠢᠯᠠᠭᠤᠯᠬᠤ ᠪᠠᠷ ᠭᠤᠶᠤᠴᠢᠯᠠᠵᠤ ᠪᠣᠯᠬᠤ ᠦᠭᠡᠶ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠳᠤᠷᠢᠳᠤᠯᠭ᠎ᠠ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ᠄ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠢᠭᠡᠴᠡ ᠶᠢᠨ ᠣᠳᠣᠷᠢᠳᠣᠯᠭ᠎ᠠ᠂ ᠰᠠᠯᠠᠭ᠎ᠠ ᠮᠥᠴᠢᠷ ᠤᠨ ᠳᠡᠳ᠋ ᠲᠤᠰᠢᠶᠠᠯ ᠠᠴᠠ ᠳᠡᠭᠡᠭᠰᠢᠬᠢ ᠬᠠᠮᠢᠶᠠᠷᠤᠯᠲᠠ ᠶᠢᠨ ᠠᠵᠢᠯᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠳᠤᠮᠳᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠲᠤᠰᠬᠠᠶ ᠮᠡᠷᠭᠡᠵᠢᠯ ᠤᠨ ᠠᠵᠢᠯᠲᠠᠨ ︵ᠵᠢᠱᠢᠶᠡᠯᠡᠪᠡᠯ ᠢᠨᠵᠧᠨᠧᠷ᠂ ᠨᠢᠭᠲᠠᠯᠠᠨ ᠪᠣᠳᠣᠭᠴᠢ᠂ ᠤᠯᠤᠰ ᠲᠥᠷᠥ ᠶᠢᠨ ᠠᠵᠢᠯᠲᠠᠨ ᠵᠡᠷᠭᠡ︶᠃ ᠠᠵᠢᠯ ᠦᠢᠯᠡᠰ ᠤᠨ ᠨᠢᠭᠡᠴᠡ ᠶᠢᠨ ᠣᠳᠣᠷᠢᠳᠣᠯᠭ᠎ᠠ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ᠄ ᠠᠵᠢᠯ ᠦᠢᠯᠡᠰ ᠤᠨ ᠨᠢᠭᠡᠴᠡ ᠳᠠᠬᠢ ᠣᠳᠣᠷᠢᠳᠣᠯᠭ᠎ᠠ ᠪᠣᠯᠤᠨ ᠪᠤᠰᠤᠳ ᠬᠠᠮᠢᠶᠠᠷᠤᠯᠲᠠ ᠶᠢᠨ ᠠᠵᠢᠯᠲᠠᠨ ᠳᠤ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠨᠢᠭᠡᠴᠡ ᠶᠢᠨ ᠬᠠᠮᠢᠶᠠᠷᠤᠯᠲᠠ ᠶᠢᠨ ᠠᠵᠢᠯᠲᠠᠨ ᠪᠠᠭᠲᠠᠨ᠎ᠠ᠃    ᠡᠭᠦᠨ ᠠᠴᠠ ᠭᠠᠳᠠᠨ᠎ᠠ᠂ ︽ᠠᠷᠭ᠎ᠠ︾ ᠶᠢᠨ ᠠᠷᠪᠠᠨ ᠭᠤᠷᠪᠠᠳᠤᠭᠠᠷ ᠵᠥᠢᠯ ᠳᠤ ᠪᠠᠰᠠ ᠤᠯᠤᠰ ᠤᠨ ᠥᠮᠴᠢᠯᠡᠯ ᠤᠨ ᠨᠢᠭᠡᠴᠡ ᠶᠢᠨ ᠠᠵᠢᠯᠲᠠᠨ ᠤ ᠠᠵᠢᠯ ᠠᠴᠠ ᠠᠮᠠᠷᠠᠬᠤ ᠶᠢ ᠤᠶᠠᠨ ᠬᠠᠷᠢᠮᠠᠬᠠᠢ ᠶᠠᠪᠤᠴᠠ ᠶᠢ ᠴᠢᠩᠭ᠎ᠠ ᠬᠠᠮᠢᠶᠠᠷᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ︽ᠪᠠᠶᠢᠭᠤᠯᠭ᠎ᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠤᠶᠠᠨ ᠬᠠᠷᠢᠮᠠᠬᠠᠶ ᠠᠵᠢᠯ ᠠᠴᠠ ᠪᠠᠨ ᠠᠮᠠᠷᠠᠬᠤ ᠳᠤ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠪᠣᠯᠤᠨ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ ᠵᠥᠪᠰᠢᠶᠡᠷᠡᠭᠦᠯᠬᠦ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃ ᠲᠤᠰ ᠵᠦᠢᠯ ᠳᠤ ᠲᠣᠭᠲᠠᠭᠠᠭᠰᠠᠨ ︽ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ︾ ᠭᠡᠳᠡᠭ ᠨᠢ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ︽ᠠᠯᠪᠠᠲᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠳᠤᠷᠢᠳᠤᠯᠭ᠎ᠠ ᠵᠢᠴᠢ ᠪᠤᠰᠤᠳ ᠬᠠᠮᠢᠶᠠᠷᠤᠯᠲᠠ ᠶᠢᠨ ᠠᠵᠢᠯᠲᠠᠨ︾ ᠪᠠᠶᠢᠬᠤ ᠠᠴᠠ ᠭᠠᠳᠠᠨ᠎ᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠩ ᠤᠨ ᠠᠵᠢᠯᠲᠠᠨ ᠠᠵᠢᠯᠴᠢᠨ ᠢ ᠵᠢᠭᠠᠵᠤ ᠪᠤᠶ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1