ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/12
    5 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠ ᠥᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠤᠨ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢ ᠲᠡᠮᠡᠴᠡᠨ ᠤᠯᠬᠤ ᠵᠡᠷᠭᠡ ᠡᠯ᠎ᠡ ᠵᠥᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠶᠢᠲᠤᠷ ᠰᠠᠬᠢᠬᠤ ᠬᠡᠷᠡᠭᠲᠡᠢ᠃    ᠬᠤᠷᠠᠯ ᠠᠴᠠ ᠳ᠋ᠦᠩ ᠾᠧ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠪᠣᠯᠣᠨ 2025 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠪᠢᠲᠡᠭᠦᠦ ᠴᠠᠭᠠᠷᠢᠭ ᠢᠶᠠᠷ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠳ᠋ᠦᠩ ᠾᠧ ᠲᠣᠭᠤᠷᠢᠭ ᠤᠨ 2025 ᠣᠨ ᠤ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ︽ᠳ᠋ᠦᠩ ᠾᠧ ᠲᠣᠭᠤᠷᠢᠭ ᠤᠨ 2025 ᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ︽ᠳ᠋ᠦᠩ ᠾᠧ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠰᠤᠳᠤᠯᠤᠨ ᠬᠢᠨᠠᠨ ᠵᠥᠪᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠴᠡᠭᠴᠡᠯᠡᠨ ᠵᠠᠰᠠᠬᠤ ᠪᠠ ᠣᠶᠢᠲᠤ ᠭᠠᠵᠠᠷ ᠨᠤᠲᠤᠭ ᠪᠡᠯᠴᠢᠭᠡᠷ ᠢ ᠬᠠᠮᠠᠭᠠᠯᠠᠬᠤ᠂ ᠭᠠᠯ ᠰᠡᠷᠭᠡᠶᠢᠯᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠴᠢᠨᠠᠭᠰᠢᠳᠠ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠰᠠᠶᠢᠲᠤᠷ ᠠᠳᠬᠤᠵᠤ᠂ ᠤᠰᠤ ᠶᠢ ᠵᠠᠰᠠᠵᠤ ᠤᠢ ᠰᠢᠭᠤᠢ ᠶᠢ ᠵᠠᠰᠠᠬᠤ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1