ᠸᠠᠩ ᠷᠦᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠵᠢᠶᠠ ᠾᠧ ᠰᠢᠨ ᠵᠢᠤᠢ ᠵᠢᠵᠢᠭ ᠲᠣᠭᠤᠷᠢᠭ᠂ ᠳ᠋ᠦᠩ ᠾᠧ ᠼᠦᠨ ᠰᠢᠨ ᠶᠤᠸᠠᠨ ᠵᠢᠵᠢᠭ ᠲᠣᠭᠤᠷᠢᠭ᠂ ᠪᠦᠦ ᠯᠢ ᠪᠠᠶ ᠾᠧ ᠬᠤᠸᠠ ᠶᠤᠸᠠᠨ ᠵᠢᠵᠢᠭ ᠲᠣᠭᠤᠷᠢᠭ ᠵᠡᠷᠭᠡ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠤᠬᠠᠶ ᠶᠢᠨ ᠲᠠᠯᠠᠪᠤᠷ ᠲᠤ ᠠᠵᠢᠯᠯᠠᠵᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃    ᠸᠠᠩ ᠷᠦᠢ ᠬᠡᠯᠡᠭᠰᠡᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠤᠯᠠᠨ ᠲᠦᠮᠡᠨ ᠤ ᠬᠦᠰᠡᠯ ᠡᠷᠡᠮᠡᠯᠵᠡᠯ ᠤᠨ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠥᠭᠡᠷᠡᠴᠢᠯᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠲᠥᠬᠦᠭᠡᠷᠦᠮᠵᠢ ᠶᠢᠨ ᠴᠢᠳᠠᠮᠵᠢ ᠶᠢ ᠲᠡᠭᠦᠯᠳᠡᠷᠵᠢᠭᠦᠯᠬᠦ ᠪᠠ ᠠᠳᠠᠯ ᠠᠬᠤᠶ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠳᠡᠭᠡᠷᠡᠬᠢ ᠪᠠ ᠭᠠᠵᠠᠷ ᠳᠣᠤᠷᠠᠬᠢ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠬᠤᠷᠢᠶᠠᠵᠤ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠥᠭᠡᠷᠡᠴᠢᠯᠡᠨ ᠰᠠᠶᠢᠵᠢᠷᠠᠭᠤᠯᠬᠤ ᠠᠵᠢᠯ ᠳᠤ ᠣᠷᠣᠯᠴᠠᠭᠤᠯᠬᠤ ᠬᠡᠷᠡᠭᠲᠡᠶ︔ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠮᠠᠲ᠋ᠧᠷᠢᠶᠠᠯ ᠢ ᠰᠣᠩᠭᠤᠨ ᠬᠡᠷᠡᠭᠯᠡᠬᠦ᠂ ᠳᠠᠯᠳᠠ ᠢᠨᠵᠧᠨᠧᠷᠢᠩ ᠢ ᠰᠢᠯᠭᠠᠨ ᠠᠪᠬᠤ ᠵᠡᠷᠭᠡ ᠭᠤᠭᠴᠤᠭ᠎ᠠ ᠶᠢ ᠴᠢᠩᠭ᠎ᠠ ᠠᠳᠬᠤᠵᠤ᠂ ᠣᠯᠠᠨ ᠲᠦᠮᠡᠨ ᠤ ᠰᠠᠨᠠᠭ᠎ᠠ ᠠᠮᠤᠷ ︽ᠰᠠᠶᠢᠨ ᠰᠠᠨᠠᠭᠠᠲᠤ ᠢᠨᠵᠧᠨᠧᠷᠢᠩ︾ ᠢ ᠪᠠᠶᠢᠭᠤᠯᠬᠤ ᠬᠡᠷᠡᠭᠲᠡᠶ᠃    ᠲᠣᠭᠤᠷᠢᠭ ᠤᠨ ᠤᠳᠤᠷᠢᠳᠤᠯᠭ᠎ᠠ ᠶᠠᠩ ᠵᠢᠶᠠᠨ ᠵᠢᠶᠦ᠋ᠨ᠂ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1